ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠢᠭᠤᠯᠴᠢᠯᠠᠯ ᠤᠨ ᠤᠬᠠᠭᠤᠯᠭ᠎ᠠ ᠶᠢ ᠠᠬᠢᠭᠤᠯᠬᠤ ᠲᠦᠪ
ᠨᠡᠶᠢᠲᠡᠯᠡᠭᠰᠡᠨ ᠴᠠᠭ᠄
2019/8/19
ᠪᠠᠶᠢᠭᠤᠯᠭ᠎ᠠ ᠶᠢᠨ ᠪᠠᠶᠢᠷᠢᠰᠢᠭᠤᠯᠤᠯᠲᠠ     ᠤᠤᠯ ᠤᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ  ᠶᠢᠨ ᠠᠵᠢᠯ ᠤᠨ ᠦᠢᠯᠡᠴᠢᠯᠡᠭᠡᠨ ᠤ ᠲᠦᠪ 2001 ᠤᠨ ᠳᠤ ᠪᠠᠶᠢᠭᠤᠯᠤᠭᠳᠠᠵᠤ᠂ 2015 ᠤᠨ ᠤ 3 ᠳ᠋ᠤᠭᠠᠷ ᠰᠠᠷ᠎ᠠ ᠳᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠢᠭᠤᠯᠴᠢᠯᠠᠯ ᠤᠨ ᠤᠬᠠᠭᠤᠯᠭ᠎ᠠ ᠶᠢ ᠠᠬᠢᠭᠤᠯᠬᠤ ᠲᠦᠪ ᠭᠡᠵᠦ ᠨᠡᠷ᠎ᠡ ᠪᠠᠨ ᠬᠠᠯᠠᠪᠠ᠃ 15 ᠨᠡᠷᠡᠰ ᠬᠢᠨᠠᠨ ᠲᠤᠭᠲᠠᠭᠠᠭᠰᠠᠨ ᠠᠵᠢᠯ ᠦᠢᠯᠡᠰ ᠤᠨ ᠤᠷᠤᠨ ᠲᠤᠭ᠎ᠠ ᠪᠦᠬᠦᠢ ᠵᠢᠩᠬᠢᠨᠢ ᠭᠠᠵᠠᠷ ᠤᠨ ᠳᠡᠰ ᠤᠨ ᠪᠦᠬᠦᠶᠢᠯᠡ ᠤᠷᠤᠨ ᠲᠤᠭ᠎ᠠ ᠪᠠᠷ ᠤᠯᠤᠰ ᠠᠴᠠ ᠮᠦᠩᠭᠦ ᠬᠠᠩᠭᠠᠵᠤ ᠦᠭᠬᠦ ᠠᠵᠢᠯ ᠦᠢᠯᠡᠰ ᠤᠨ ᠨᠢᠭᠡᠴᠢ ᠪᠤᠯᠤᠨ᠎ᠠ᠃ᠪᠠᠶᠢᠭᠤᠯᠤᠮᠵᠢ ᠶᠢᠨ ᠦᠢᠯᠡᠳᠦᠯ     ᠵᠢᠭᠤᠯᠴᠢᠯᠠᠯ ᠤᠨ ᠦᠢᠯᠡᠰ ᠤᠨ ᠰᠤᠷᠠᠭ ᠵᠠᠩᠭᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠬᠦᠭᠵᠢᠯᠲᠡ ᠶᠢᠨ ᠲᠦᠯᠦᠪᠵᠢᠭᠦᠯᠭᠡ ᠵᠢᠴᠢ ᠵᠤᠬᠢᠶᠠᠨ ᠪᠠᠶᠢᠭᠤᠯᠤᠨ ᠬᠡᠷᠡᠭᠵᠢᠭᠦᠯᠬᠦ ᠶᠢ ᠲᠤᠭᠤᠷᠪᠢᠨ ᠲᠤᠭᠲᠠᠭᠠᠵᠤ᠂ ᠤᠷᠤᠨ ᠨᠤᠲᠤᠭ  ᠤᠨ ᠵᠢᠭᠤᠯᠴᠢᠯᠠᠯ ᠤᠨ ᠰᠤᠷᠠᠭ ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠵᠢᠯᠤᠭᠤᠳᠬᠤ︔ ᠠᠵᠢᠯ ᠲᠦᠷᠦᠯ ᠤᠨ ᠰᠤᠷᠠᠭ ᠵᠠᠩᠭᠢᠴᠢᠯᠠᠯᠲᠠ ᠶᠢᠨ ᠪᠠᠷᠢᠮᠵᠢᠶ᠎ᠠ ᠬᠢᠭᠡᠳ ᠮᠡᠷᠭᠡᠵᠢᠯ ᠤᠨ ᠳᠦᠷᠢᠮ ᠢ ᠲᠤᠭᠤᠷᠪᠢᠨ ᠲᠤᠭᠲᠠᠭᠠᠵᠤ ᠂ ᠤᠶᠤᠨᠯᠢᠭ ᠵᠢᠭᠤᠯᠴᠢᠯᠠᠯ ᠤᠨ ᠰᠢᠰᠲ᠋ᠧᠮ ᠢ ᠲᠦᠯᠦᠪᠯᠡᠵᠦ᠂ ᠪᠦᠲᠦᠭᠡᠨ ᠪᠠᠶᠢᠭᠤᠯᠵᠤ᠂ ᠬᠡᠷᠡᠭᠯᠡᠬᠦ ᠪᠠ ᠵᠦᠭᠡᠯᠡᠨ ᠲᠤᠨᠤᠭ ᠤᠨ ᠨᠡᠭᠡᠭᠡᠨ ᠠᠰᠢᠭᠯᠠᠯᠲᠠ ᠶᠢ ᠠᠬᠢᠭᠤᠯᠬᠤ᠂ ᠦᠪᠡᠷᠲᠡᠭᠡᠨ ᠵᠠᠰᠠᠬᠤ ᠤᠷᠤᠨ ᠤ ᠵᠢᠭᠤᠯᠴᠢᠯᠠᠯ ᠤᠨ ᠵᠠᠰᠠᠭ  ᠤᠨ ᠶᠠᠪᠤᠳᠠᠯ ᠤᠨ ᠡᠯᠧᠺᠲᠷᠤᠨ ᠰᠦᠯᠵᠢᠶ᠎ᠡ᠂ ᠵᠠᠷᠤᠳᠠᠯ  ᠤᠨ ᠯᠠᠪᠯᠠᠯᠲᠠ ᠶᠢᠨ ᠰᠦᠯᠵᠢᠶ᠎ᠡ ᠬᠢᠭᠡᠳ ᠪᠠᠶᠢᠭᠤᠯᠭ᠎ᠠ ᠶᠢᠨ ᠳᠤᠲᠤᠭᠠᠳᠤ ᠶᠢᠨ ᠰᠦᠯᠵᠢᠶ᠎ᠡ ᠶᠢᠨ ᠪᠦᠲᠦᠭᠡᠨ ᠪᠠᠶᠢᠭᠤᠯᠤᠯᠲᠠ᠂ ᠠᠵᠢᠯᠯᠠᠭ᠎ᠠ ᠪᠠ ᠬᠠᠮᠠᠭᠠᠯᠠᠬᠤ ᠠᠵᠢᠯ ᠢ ᠬᠠᠷᠢᠭᠤᠴᠠᠬᠤ︔ ᠪᠠᠶᠢᠭᠤᠯᠭ᠎ᠠ ᠶᠢᠨ ᠲᠤᠤᠷ ᠰᠦᠯᠵᠢᠶᠡᠨ ᠤ ᠰᠤᠷᠠᠭ ᠵᠠᠩᠭᠢ ᠶᠢᠨ ᠠᠮᠤᠷ ᠲᠦᠪᠰᠢᠨ ᠤ ᠠᠵᠢᠯ ᠢ ᠬᠠᠷᠢᠭᠤᠴᠠᠨ᠎ᠠ᠃     ᠬᠠᠷᠢᠭᠤᠴᠠᠯᠭᠠᠲᠠᠨ᠄ ᠵᠠᠩ ᠴᠠᠩ ᠱᠸᠤ     ᠠᠯᠪᠠᠨ ᠤ ᠬᠠᠶ᠋ᠢᠭ᠄ ᠬᠦᠬᠡᠬᠤᠲᠠ ᠶᠢᠨ ᠰᠢᠨ᠎ᠡ ᠬᠤᠲᠠ ᠲᠤᠭᠤᠷᠢᠭ ᠤᠨ ᠤᠷᠠᠯᠢᠭ ᠤᠨ ᠲᠢᠩᠬᠢᠮ ᠤᠨ ᠡᠮᠦᠨ᠎ᠡ ᠵᠡᠭᠡᠯᠢ 95  ᠨᠤᠮᠧᠷ     ᠬᠠᠷᠢᠯᠴᠠᠬᠤ ᠤᠲᠠᠰᠤ᠄ 0471— 5200218     ᠹᠠᠺᠰ᠄ 0471— 5200218
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号