ᠪᠠᠶᠢᠭᠤᠯᠭ᠎ᠠ ᠶᠢᠨ ᠲᠤᠶᠢᠮᠤ ᠪᠠᠶᠢᠳᠠᠯ | ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠪᠤᠯ | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠪᠦᠷᠢᠯᠳᠦᠬᠦᠨ | ᠰᠠᠯᠠᠭ᠎ᠠ ᠮᠦᠴᠢᠷ ᠪᠤᠯᠤᠨ᠎ᠠ᠃ ᠲᠢᠩᠭᠢᠮ ᠤᠨ ᠳᠡᠰ ᠤᠨ ᠪᠠᠶᠢᠭᠤᠯᠭ᠎ᠠ᠃ ᠭᠤᠤᠯ ᠲᠤᠰᠢᠶᠠᠯ ᠬᠠᠷᠢᠭᠤᠴᠠᠯᠭ᠎ᠠ ᠨᠢ᠄ | ⑴ ᠨᠠᠮ ᠤᠨ ᠰᠣᠶᠣᠯ ᠤᠨ ᠠᠵᠢᠯ ᠤᠨ ᠴᠢᠭᠯᠡᠯᠲᠡ ᠲᠦᠷᠦ ᠶᠢᠨ ᠪᠤᠳᠤᠯᠭ᠎ᠠ ᠪᠠ ᠦᠪᠡᠷᠲᠡᠭᠡᠨ ᠵᠠᠰᠠᠬᠤ | ᠣᠷᠤᠨ ᠤ ᠨᠠᠮ ᠤᠨ ᠬᠤᠷᠢᠶ᠎ᠠ ᠶᠢᠨ ᠲᠤᠭᠲᠠᠭᠠᠭᠰᠠᠨ ᠬᠠᠮᠢᠶ᠎ᠠ ᠪᠦᠬᠦᠢ ᠰᠢᠢᠳᠪᠦᠷᠢᠲᠤ ᠪᠣᠳᠤᠯᠭ᠎ᠠ ᠶᠢ | ᠲᠤᠭᠤᠰᠢᠯᠠᠭᠤᠯᠤᠨ ᠨᠠᠶᠢᠳᠠᠪᠦᠷᠢᠵᠢᠭᠤᠯᠵᠤ᠂ ᠰᠣᠶᠣᠯ ᠪᠠ ᠵᠢᠭᠤᠯᠴᠢᠯᠠᠯ ᠤᠨ ᠲᠦᠷᠦ ᠶᠢᠨ ᠪᠣᠳᠤᠯᠭ᠎ᠠ᠂ ᠠᠷᠭ᠎ᠠ | ᠬᠡᠮᠵᠢᠶ᠎ᠡ ᠶᠢ ᠰᠣᠳᠤᠯᠤᠨ ᠲᠤᠭᠲᠠᠭᠠᠵᠤ᠂ ᠰᠣᠶᠣᠯ ᠪᠠ ᠵᠢᠭᠤᠯᠴᠢᠯᠠᠯ ᠤᠨ ᠣᠷᠤᠨ ᠨᠤᠲᠤᠭ ᠤᠨ ᠴᠢᠨᠠᠷᠲᠠᠢ ᠬᠠᠤᠯᠢ | ᠲᠤᠭᠲᠠᠭᠠᠯ᠂ ᠳᠦᠷᠢᠮ ᠲᠤᠭᠲᠠᠭᠠᠯ ᠤᠨ ᠲᠦᠰᠦᠯ ᠢ ᠲᠤᠭᠤᠷᠪᠢᠨ᠎ᠠ᠃ | ⑵ ᠰᠣᠶᠣᠯ ᠤᠨ ᠦᠢᠯᠡᠰ᠂ ᠰᠤᠶᠤᠯ ᠤᠨ ᠠᠵᠤ ᠦᠢᠯᠡᠰ ᠪᠠ ᠵᠢᠭᠤᠯᠴᠢᠯᠠᠯ ᠤᠨ ᠦᠢᠯᠡᠰ ᠤᠨ ᠬᠦᠭᠵᠢᠯᠲᠡ | ᠶᠢ ᠨᠢᠭᠡᠳᠦᠯᠲᠡᠢ ᠲᠦᠯᠦᠪᠵᠢᠭᠦᠯᠵᠦ᠂ ᠬᠦᠭᠵᠢᠭᠦᠯᠬᠦ ᠲᠦᠯᠦᠪᠵᠢᠭᠦᠯᠭᠡ ᠶᠢ ᠲᠤᠭᠤᠷᠪᠢᠨ ᠲᠤᠭᠲᠠᠭᠠᠬᠤ ᠶᠢᠨ ᠵᠡᠷᠭᠡ | ᠪᠠᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠤᠶᠤᠯ ᠪᠠ ᠵᠢᠭᠤᠯᠴᠢᠯᠠᠯ ᠤᠨ ᠠᠭᠤᠰᠤᠯᠳᠤᠨ ᠬᠦᠭᠵᠢᠬᠦ ᠶᠢ | ᠲᠦᠯᠬᠢᠨ ᠠᠬᠢᠭᠤᠯᠵᠤ᠂ ᠰᠣᠶᠣᠯ ᠪᠠ ᠵᠢᠭᠤᠯᠴᠢᠯᠠᠯ ᠤᠨ ᠪᠠᠶᠢᠭᠤᠯᠤᠯ ᠤᠨ ᠲᠤᠭᠲᠠᠯᠴᠠᠭ᠎ᠠ ᠶᠢᠨ ᠦᠭᠡᠷᠡᠴᠢᠯᠡᠯᠲᠡ ᠶᠢ | ᠲᠦᠯᠬᠢᠨ ᠠᠬᠢᠭᠤᠯᠤᠨ᠎ᠠ᠃ | ⑶ ᠪᠦᠬᠦ ᠣᠷᠤᠨ ᠤ ᠴᠢᠨᠠᠷᠲᠠᠢ ᠲᠤᠮᠤ ᠶᠡᠭᠡ ᠰᠣᠶᠣᠯ ᠤᠨ ᠠᠵᠢᠯᠯᠠᠭ᠎ᠠ ᠶᠢ ᠬᠠᠮᠢᠶᠠᠷᠴᠤ᠂ ᠭᠤᠣᠯᠳᠠᠯᠭ᠎ᠠ | ᠲᠠᠢ ᠰᠤᠶᠤᠯ ᠤᠨ ᠲᠦᠭᠦᠭᠡᠷᠦᠮᠵᠢ ᠶᠢᠨ ᠪᠠᠶᠢᠭᠤᠯᠤᠯᠲᠠ ᠶᠢ ᠵᠢᠯᠤᠭᠤᠳᠴᠤ᠂ ᠦᠪᠡᠷᠲᠡᠭᠡᠨ ᠵᠠᠰᠠᠬᠤ ᠣᠷᠤᠨ ᠤ | ᠵᠢᠭᠤᠯᠴᠢᠯᠠᠯ ᠤᠨ ᠪᠦᠬᠦᠯᠢ ᠴᠤᠭᠴᠠ ᠶᠢᠨ ᠬᠡᠪ ᠳᠦᠷᠢ ᠪᠦᠬᠦᠢ ᠭᠠᠳᠠᠭᠠᠳᠤ ᠤᠬᠠᠭᠤᠯᠭ᠎ᠠ ᠶᠢ ᠵᠤᠬᠢᠶᠠᠨ ᠪᠠᠶᠢᠭᠤᠯᠵᠤ | ᠂ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠠᠵᠤ ᠦᠢᠯᠡᠰ ᠤᠨ ᠭᠠᠳᠠᠭᠠᠲᠤ ᠲᠠᠢ ᠬᠠᠮᠲᠤᠷᠠᠨ ᠠᠵᠢᠯᠯᠠᠬᠤ | ᠪᠠ ᠵᠠᠬ᠎ᠠ ᠳᠡᠯᠭᠡᠭᠦᠷ ᠤᠨ ᠬᠦᠭᠵᠢᠯᠲᠡ ᠶᠢ ᠠᠬᠢᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠢ ᠨᠡᠭᠡᠭᠡᠨ ᠠᠰᠢᠭᠯᠠᠬᠤ | ᠪᠠᠶᠢᠯᠳᠤᠬᠤ ᠪᠤᠳᠤᠯᠭ᠎ᠠ ᠶᠢ ᠲᠤᠭᠳᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠤᠷᠤᠨ ᠤ | ᠵᠢᠭᠤᠯᠴᠢᠯᠠᠯ ᠪᠠ ᠲᠦᠷᠪᠡᠨ ᠤᠯᠠᠷᠢᠯ ᠤᠨ ᠵᠢᠭᠤᠯᠴᠢᠯᠠᠯ ᠢ ᠠᠬᠢᠭᠤᠯᠤᠨ᠎ᠠ᠃ | ⑷ ᠤᠳᠬ᠎ᠠ ᠵᠣᠬᠢᠶᠠᠯ ᠤᠷᠠᠯᠢᠭ ᠤᠨ ᠦᠢᠯᠡᠰ ᠢ ᠵᠢᠯᠤᠭᠤᠳᠤᠨ ᠬᠠᠮᠢᠶᠠᠷᠴᠤ᠂ ᠤᠷᠠᠯᠢᠭ ᠤᠨ ᠵᠤᠬᠢᠶᠠᠨ | ᠪᠦᠲᠦᠭᠡᠬᠦ ᠪᠠ ᠦᠢᠯᠡᠳᠪᠦᠷᠢᠯᠡᠬᠦ ᠶᠢ ᠵᠢᠯᠤᠭᠤᠳᠤᠨ᠎ᠠ᠃ ᠨᠡᠶᠢᠭᠡᠮ ᠵᠢᠷᠤᠮ ᠤᠨ ᠭᠤᠤᠯᠯᠠᠬᠤ ᠦᠷᠳᠡᠭ ᠤᠨ ᠦᠵᠡᠯ ᠢ | ᠢᠯᠡᠷᠡᠭᠦᠯᠦᠭᠰᠡᠨ ᠤᠳᠤᠷᠢᠳᠤᠮᠵᠢ ᠶᠢᠨ ᠴᠢᠨᠠᠷ᠂ ᠲᠦᠯᠦᠭᠡᠯᠡᠬᠦ ᠴᠢᠨᠠᠷ᠂ ᠬᠡᠪ ᠳᠠᠭᠤᠷᠢᠶᠠᠯᠲᠤ ᠴᠢᠨᠠᠷ ᠲᠠᠢ ᠤᠳᠬ᠎ᠠ | ᠵᠤᠬᠢᠶᠠᠯ ᠤᠷᠠᠯᠢᠭ ᠤᠨ ᠪᠦᠲᠦᠭᠡᠯ ᠢ ᠳᠡᠮᠵᠢᠵᠦ᠂ ᠡᠯ᠎ᠡ ᠲᠦᠷᠦᠯ ᠵᠦᠢᠯ ᠤᠨ ᠤᠷᠠᠯᠢᠭ᠂ ᠡᠯ᠎ᠡ ᠤᠷᠠᠯᠢᠭ ᠤᠨ | ᠲᠦᠷᠦᠯ ᠵᠦᠢᠯ ᠤᠨ ᠬᠦᠭᠵᠢᠯᠲᠡ ᠶᠢ ᠠᠬᠢᠭᠤᠯᠵᠤ᠂ ᠪᠦᠬᠦ ᠣᠷᠤᠨ ᠤ ᠤᠯᠠᠭᠠᠨᠮᠦ᠋ᠴᠢᠷ ᠤᠨ ᠦᠢᠯᠡᠰ ᠤᠨ | ᠬᠦᠭᠵᠢᠯᠲᠡ ᠶᠢ ᠵᠢᠯᠤᠭᠤᠳᠬᠤ ᠪᠠ ᠠᠬᠢᠭᠤᠯᠤᠨ᠎ᠠ᠃ | ⑸ ᠨᠡᠶᠢᠲᠡ ᠶᠢᠨ ᠰᠤᠶᠤᠯ ᠤᠨ ᠠᠵᠤ ᠦᠢᠯᠡᠰ ᠤᠨ ᠬᠦᠭᠵᠢᠯᠲᠡ ᠶᠢ ᠬᠠᠷᠢᠭᠤᠴᠠᠵᠤ᠂ ᠣᠳᠣ ᠦᠶ᠎ᠡ ᠶᠢᠨ | ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠤᠭᠲᠠᠯᠴᠠᠭ᠎ᠠ ᠶᠢ ᠪᠦᠲᠦᠭᠡᠨ ᠪᠠᠶᠢᠭᠤᠯᠬᠤ ᠪᠠ ᠵᠢᠭᠤᠯᠴᠢᠯᠠᠯ ᠤᠨ | ᠨᠡᠶᠢᠲᠡ ᠶᠢᠨ ᠦᠢᠯᠡᠴᠢᠯᠡᠭᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠣᠶᠣᠯ ᠤᠨ ᠠᠷᠠᠳ ᠲᠤ | ᠲᠤᠰᠠᠯᠠᠬᠤ ᠢᠨᠵᠧᠨᠧᠷᠢᠩ ᠢ ᠭᠦᠨᠵᠡᠭᠡᠶᠢᠷᠡᠭᠦᠯᠦᠨ ᠬᠡᠷᠡᠭᠵᠢᠭᠦᠯᠵᠦ᠂ᠨᠡᠶᠢᠲᠡ ᠶᠢᠨ ᠦᠨᠳᠦᠰᠦᠨ ᠰᠣᠶᠣᠯ ᠤᠨ | ᠦᠢᠯᠡᠴᠢᠯᠡᠭᠡᠨ ᠢ ᠪᠠᠷᠢᠮᠵᠢᠶᠠᠵᠢᠭᠤᠯᠬᠤ᠂ ᠲᠡᠩᠴᠡᠭᠦᠵᠢᠭᠦᠯᠬᠦ ᠶᠢ ᠨᠢᠭᠡᠳᠦᠯᠲᠡᠢ ᠲᠦᠯᠦᠪᠵᠢᠭᠦᠯᠦᠨ ᠠᠬᠢᠭᠤᠯᠤᠨ᠎ᠠ᠃ | ⑹ ᠰᠣᠶᠣᠯ ᠪᠠ ᠵᠢᠭᠤᠯᠴᠢᠯᠠᠯ ᠤᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠨ ᠬᠦᠭᠵᠢᠭᠦᠯᠬᠦ ᠶᠢ | ᠵᠢᠯᠤᠭᠤᠳᠬᠤ ᠪᠠ ᠠᠬᠢᠭᠤᠯᠵᠤ᠂ ᠰᠣᠶᠣᠯ ᠪᠠ ᠵᠢᠭᠤᠯᠴᠢᠯᠠᠯ ᠤᠨ ᠠᠵᠢᠯ ᠲᠦᠷᠦᠯ ᠤᠨ ᠵᠠᠩᠬᠢᠴᠢᠯᠠᠬᠤ᠂ | ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ⑺ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠶᠢ ᠬᠠᠷᠢᠭᠤᠴᠠᠵᠤ᠂ ᠪᠤᠳᠠᠰ ᠤᠨ ᠪᠤᠰᠤ ᠰᠣᠶᠣᠯ | ᠤᠨ ᠦᠪ ᠢ ᠬᠠᠮᠠᠭᠠᠯᠠᠬᠤ᠂ ᠤᠯᠠᠮᠵᠢᠯᠠᠬᠤ᠂ ᠲᠦᠭᠡᠮᠡᠯᠵᠢᠭᠦᠯᠬᠦ᠂ ᠪᠠᠳᠠᠷᠠᠭᠤᠯᠬᠤ ᠪᠠ ᠮᠠᠨᠳᠤᠭᠤᠯᠬᠤ ᠶᠢ ᠠᠬᠢᠭᠤᠯᠤᠨ᠎ᠠ | ᠃ | ⑻ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠠᠵᠤ ᠦᠢᠯᠡᠰ ᠢ ᠨᠢᠭᠡᠳᠦᠯᠲᠡᠢ ᠲᠦᠯᠦᠪᠵᠢᠭᠦᠯᠵᠦ᠂ | ᠰᠣᠶᠣᠯ ᠪᠠ ᠵᠢᠭᠤᠯᠴᠢᠯᠠᠯ ᠤᠨ ᠦᠢᠯᠡᠰ ᠤᠨ ᠡᠬᠢ ᠪᠠᠶᠠᠯᠢᠭ ᠢ ᠨᠢᠭᠲᠠᠯᠠᠨ ᠪᠠᠶᠢᠴᠠᠭᠠᠬᠤ᠂ ᠠᠭᠤᠳᠠᠯᠬᠤ᠂ | ᠬᠠᠮᠠᠭᠠᠯᠠᠬᠤ ᠪᠠ ᠠᠰᠢᠭᠯᠠᠬᠤ ᠠᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠰᠣᠶᠣᠯ ᠤᠨ ᠠᠵᠤ ᠦᠢᠯᠡᠰ ᠪᠠ | ᠵᠢᠭᠤᠯᠴᠢᠯᠠᠯ ᠤᠨ ᠦᠢᠯᠡᠰ ᠤᠨ ᠬᠦᠭᠵᠢᠯᠲᠡ ᠶᠢ ᠠᠬᠢᠭᠤᠯᠤᠨ᠎ᠠ᠃ | ⑼ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠦᠭᠵᠢᠯᠲᠡ ᠶᠢ ᠵᠢᠯᠤᠭᠤᠳᠴᠤ᠂ ᠰᠣᠶᠣᠯ ᠪᠠ | ᠵᠢᠭᠤᠯᠴᠢᠯᠠᠯ ᠤᠨ ᠠᠶᠤᠯ ᠦᠭᠡᠢ ᠦᠢᠯᠡᠳᠪᠦᠷᠢᠯᠡᠬᠦ᠂ ᠵᠠᠬ᠎ᠠ ᠳᠡᠯᠭᠡᠭᠦᠷ ᠤᠨ ᠡᠵᠡᠩᠨᠡᠯᠲᠡ ᠳᠤ ᠠᠵᠢᠯ ᠲᠦᠷᠦᠯ ᠤᠨ | ᠬᠢᠨᠠᠨ ᠬᠠᠮᠢᠶᠠᠷᠤᠯᠲᠠ ᠲᠠᠯᠪᠢᠵᠤ᠂ ᠰᠣᠶᠣᠯ ᠪᠠ ᠵᠢᠭᠤᠯᠴᠢᠯᠠᠯ ᠤᠨ ᠠᠵᠢᠯ ᠲᠦᠷᠦᠯ ᠤᠨ ᠢᠲᠡᠭᠡᠮᠵᠢ ᠶᠢᠨ | ᠲᠤᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ | ᠢ ᠬᠠᠤᠯᠢ ᠶᠣᠰᠤᠭᠠᠷ ᠳᠦᠷᠢᠮᠵᠢᠭᠦᠯᠦᠨ᠎ᠡ᠃ | ⑽ ᠪᠦᠬᠦ ᠣᠷᠤᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠭᠡᠢ ᠬᠠᠤᠯᠢ ᠶᠢ ᠬᠡᠷᠡᠭᠵᠢᠭᠦᠯᠬᠦ ᠠᠵᠢᠯ ᠳᠤ | ᠵᠢᠯᠤᠭᠤᠳᠤᠯᠭ᠎ᠠ ᠪᠠ ᠬᠢᠨᠠᠨ ᠬᠠᠮᠢᠶᠠᠷᠤᠯᠲᠠ ᠬᠢᠵᠦ᠂ ᠪᠦᠬᠦ ᠣᠷᠤᠨ ᠤ ᠴᠢᠨᠠᠷᠲᠠᠢ᠂ ᠣᠷᠤᠨ ᠠᠯᠤᠰᠯᠠᠭᠰᠠᠨ ᠰᠤᠶᠤᠯ᠂ | ᠲᠡᠦᠬᠡ ᠶᠢᠨ ᠳᠤᠷᠠᠰᠬᠠᠯᠲᠤ ᠵᠦᠢᠯ᠂ ᠬᠡᠪᠯᠡᠯ᠂ ᠷᠠᠳᠢᠤ᠋ ᠲᠧᠯᠸᠢᠰ᠂ ᠺᠢᠨᠤ᠋᠂ ᠵᠢᠭᠤᠯᠴᠢᠯᠠᠯ ᠵᠡᠷᠭᠡ ᠶᠢᠨ ᠵᠠᠬ᠎ᠠ ᠳᠡᠯᠭᠡᠭᠦᠷ | ᠤᠨ ᠬᠠᠤᠯᠢ ᠵᠦᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠭᠡᠬᠦ ᠶᠢ ᠵᠤᠬᠢᠶᠠᠨ ᠪᠠᠶᠢᠭᠤᠯᠵᠤ᠂ ᠲᠤᠮᠤ ᠬᠡᠷᠡᠭ | ᠴᠢᠬᠤᠯᠠ ᠬᠡᠷᠡᠭ ᠢ ᠬᠢᠨᠠᠨ ᠪᠠᠶᠢᠴᠠᠭᠠᠵᠤ᠂ ᠱᠠᠭᠠᠷᠳᠠᠨ ᠬᠢᠯᠭᠡᠵᠦ᠂ ᠵᠠᠬ᠎ᠠ ᠲᠡᠯᠭᠡᠭᠦᠷ ᠤᠨ ᠡᠮᠬᠢ ᠵᠢᠷᠤᠮ ᠢ | ᠬᠠᠮᠠᠭᠠᠯᠠᠨ᠎ᠠ᠃ | ⑾ ᠰᠣᠶᠣᠯ ᠪᠠ ᠵᠢᠭᠤᠯᠴᠢᠯᠠᠯ ᠤᠨ ᠭᠠᠳᠠᠭᠠᠳᠤ ᠪᠠ ᠰᠢᠶᠠᠩᠭᠠᠩ᠂ ᠣᠣᠮᠧᠨ᠂ ᠲᠠᠶᠢᠸᠠᠨ ᠳᠤ ᠬᠢ | ᠬᠠᠷᠢᠯᠴᠠᠭ᠎ᠠ ︵ᠰᠣᠯᠢᠯᠴᠠᠭ᠎ᠠ︶᠂ ᠬᠠᠮᠲᠤᠷᠠᠨ ᠠᠵᠢᠯᠯᠠᠬᠤ ᠪᠠ ᠤᠬᠠᠭᠤᠯᠬᠤ᠂ ᠳᠡᠯᠭᠡᠷᠡᠭᠦᠯᠬᠦ ᠠᠵᠢᠯ ᠢ ᠵᠢᠯᠤᠭᠤᠳᠤᠨ | ᠬᠠᠮᠢᠶᠠᠷᠴᠤ᠂ ᠰᠣᠶᠣᠯ ᠪᠠ ᠵᠢᠭᠤᠯᠴᠢᠯᠠᠯ ᠤᠨ ᠭᠠᠳᠠᠭᠠᠳᠤ ᠵᠢᠴᠢ ᠰᠢᠶᠠᠩᠭᠠᠩ᠂ ᠣᠣᠮᠧᠨ᠂ ᠲᠠᠶᠢᠸᠠᠨ ᠲᠠᠢ | ᠰᠣᠯᠢᠯᠴᠠᠬᠤ ᠶᠡᠭᠡ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠦᠪᠦᠷ ᠮᠤᠩᠭᠤᠯ ᠤᠨ ᠰᠣᠶᠣᠯ ᠤᠨ ᠭᠠᠳᠠᠭᠰᠢ ᠭᠠᠷᠬᠤ | ᠶᠢ ᠠᠬᠢᠭᠤᠯᠤᠨ᠎ᠠ᠃ | ⑿ ᠦᠪᠡᠷᠲᠡᠭᠡᠨ ᠵᠠᠰᠠᠬᠤ ᠣᠷᠤᠨ ᠤ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ ᠶᠢ ᠬᠠᠮᠢᠶᠠᠷᠤᠨ᠎ᠠ | ᠃ | ⒀ ᠦᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠲᠤᠰᠢᠶᠠᠭᠰᠠᠨ | ᠪᠣᠰᠤᠳ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠨ᠎ᠡ᠃ | ᠪᠠᠶᠢᠭᠤᠯᠭ᠎ᠠ ᠶᠢᠨ ᠬᠠᠷᠢᠭᠤᠴᠠᠯᠭᠠᠲᠠᠨ᠄ ᠾᠧ ᡁᠢ ᠯᠢᠶᠠᠩ | ᠢᠮᠧᠯ᠄ hzl@nmgwh.gov.cn | | | | ᠭᠠᠵᠠᠷ ᠲᠠᠰᠤᠭ ᠤᠨ ᠲᠠᠨᠢᠯᠴᠠᠭᠤᠯᠭ᠎ᠠ᠄ | | | ᠠᠯᠪᠠᠨ ᠭᠡᠷ | ᠠᠯᠪᠠᠨ ᠪᠠᠶᠢᠭᠤᠯᠭ᠎ᠠ ᠶᠢᠨ ᠡᠳᠦᠷ ᠲᠣᠳᠣᠮ ᠤᠨ ᠠᠵᠢᠯᠯᠠᠭᠠᠨ ᠢ ᠬᠠᠷᠢᠭᠤᠴᠠᠵᠦ᠂ ᠰᠣᠷᠠᠭ ᠵᠠᠩᠬᠢ᠂ ᠠᠮᠦᠷ | ᠲᠦᠪᠰᠢᠨ᠂ ᠵᠠᠬᠢᠳᠠᠯ ᠢᠶᠠᠷ ᠰᠣᠷᠪᠣᠯᠵᠢᠯᠠᠬᠤ᠂ ᠨᠢᠭᠤᠴᠠ ᠶᠢ ᠬᠠᠮᠠᠭᠠᠯᠠᠬᠤ᠂ ᠰᠣᠨᠢᠨ ᠮᠡᠳᠡᠭᠡᠨ ᠤ ᠰᠣᠷᠳᠠᠯ | ᠣᠬᠠᠭᠤᠯᠭ᠎ᠠ᠂ ᠵᠠᠰᠠᠭ ᠤᠨ ᠶᠠᠪᠣᠳᠠᠯ ᠢ ᠢᠯᠡ ᠪᠣᠯᠭᠠᠬᠤ᠂ ᠪᠠᠴᠢᠮ ᠪᠠᠶᠢᠳᠠᠯ ᠢ ᠠᠷᠭᠠᠴᠠᠵᠤ ᠬᠠᠮᠢᠶᠠᠷᠬᠤ ᠵᠡᠷᠭᠡ | ᠠᠵᠢᠯ ᠢ ᠡᠭᠦᠷᠭᠡᠯᠡᠨ᠎ᠡ᠃ ᠠᠯᠪᠠᠨ ᠪᠠᠶᠢᠭᠤᠯᠭ᠎ᠠ ᠪᠠ ᠬᠠᠷᠢᠶ᠎ᠠ ᠪᠠᠶᠢᠭᠤᠯᠭ᠎ᠠ ᠶᠢᠨ ᠦᠵᠡᠯ ᠣᠬᠠᠮᠰᠠᠷ ᠤᠨ ᠬᠡᠯᠪᠡᠷᠢ | ᠶᠢᠨ ᠠᠵᠢᠯ ᠢ ᠨᠢᠭᠡᠳᠦᠯᠲᠡᠢ ᠲᠦᠯᠦᠪᠯᠡᠨ ᠵᠤᠬᠢᠴᠠᠭᠤᠯᠵᠤ ᠶᠡᠷᠦᠩᠬᠡᠶᠢᠯᠡᠭᠰᠡᠨ ᠴᠢᠨᠠᠷ ᠲᠠᠢ ᠪᠢᠴᠢᠭ ᠮᠠᠲ᠋ᠧᠷᠢᠶᠠᠯ ᠢ | ᠲᠣᠭᠤᠷᠪᠢᠨᠠ᠃ ᠰᠣᠶᠣᠯ ᠪᠠ ᠵᠢᠭᠤᠯᠴᠢᠯᠠᠯ ᠤᠨ ᠡᠯ᠎ᠡ ᠲᠦᠷᠦᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠡᠮᠦᠨᠡᠬᠢ ᠬᠢᠨᠠᠯᠲᠠ ᠶᠢᠨ ᠠᠵᠢᠯ ᠢ ᠬᠠᠷᠢᠭᠤᠴᠠᠨ᠎ᠠ᠃ ᠠᠯᠪᠠᠨ ᠪᠠᠶᠢᠭᠤᠯᠭ᠎ᠠ ᠶᠢᠨ ᠡᠯᠧᠺᠲᠷᠣᠨ ᠵᠠᠰᠠᠭ ᠤᠨ ᠶᠠᠪᠣᠳᠠᠯ | ᠪᠠ ᠰᠣᠷᠠᠭ ᠵᠠᠩᠬᠢᠴᠢᠯᠠᠯᠲᠠ ᠶᠢᠨ ᠪᠦᠳᠦᠭᠡᠨ ᠪᠠᠶᠢᠭᠤᠯᠣᠯᠲᠠ ᠶᠢ ᠵᠢᠯᠣᠭᠤᠳᠣᠨ ᠵᠣᠬᠢᠴᠠᠭᠤᠯᠣᠨ᠎ᠠ ᠃ | | | ᠲᠦᠷᠦ ᠶᠢᠨ ᠪᠣᠳᠣᠯᠭ᠎ᠠ ᠬᠠᠥᠯᠢ ᠲᠦᠷᠢᠮ ᠤᠨ ᠭᠠᠵᠠᠷ | ᠰᠣᠶᠣᠯ ᠪᠠ ᠵᠢᠭᠤᠯᠴᠢᠯᠠᠯ ᠤᠨ ᠣᠷᠣᠨ ᠨᠣᠳᠤᠭ ᠤᠨ ᠴᠢᠨᠠᠷᠲᠠᠢ ᠬᠠᠣᠯᠢ ᠳᠦᠷᠢᠮ᠂ ᠲᠦᠷᠢᠮ ᠵᠢᠷᠦᠮ ᠤᠨ | ᠡᠬᠡ ᠨᠣᠣᠷᠠᠭ ᠢ ᠲᠣᠭᠤᠷᠪᠢᠨᠠ᠃ ᠪᠠᠶᠢᠴᠠᠭᠠᠯᠲᠠ ᠰᠤᠳᠤᠯᠭᠠᠨ ᠢ ᠦᠷᠨᠢᠬᠦᠯᠬᠦ ᠶᠢᠨ ᠲᠠᠭᠠᠣ ᠲᠦᠷᠦ ᠶᠢᠨ ᠪᠣᠳᠣᠯᠭ᠎ᠠ | ᠶᠢᠨ ᠰᠠᠨᠠᠭᠤᠯᠭ᠎ᠠ ᠶᠢ ᠲᠣᠷᠠᠳᠣᠨ᠎ᠠ᠃ ᠰᠣᠶᠣᠯ ᠪᠠ ᠵᠢᠭᠤᠯᠴᠢᠯᠠᠯ ᠤᠨ ᠬᠦᠭᠵᠢᠯᠲᠡ ᠶᠢᠨ ᠲᠦᠯᠦᠪᠯᠡᠯᠭᠡ ᠶᠢ | ᠲᠤᠭᠲᠠᠭᠠᠵᠤ ᠵᠣᠬᠢᠶᠠᠨ ᠪᠠᠶᠢᠭᠤᠯᠵᠤ ᠬᠡᠷᠡᠭᠵᠢᠬᠦᠯᠦᠨ᠎ᠡ᠃ ᠰᠣᠶᠣᠯ ᠪᠠ ᠵᠢᠭᠤᠯᠴᠢᠯᠠᠯ ᠤᠨ ᠬᠦᠷᠢᠶᠡᠨ ᠳᠤ ᠬᠢ | ᠪᠦᠲᠦᠴᠡ ᠲᠣᠭᠳᠠᠯᠴᠠᠭ᠎ᠠ ᠶᠢᠨ ᠦᠭᠡᠷᠡᠴᠢᠯᠡᠯᠲᠡ ᠶᠢᠨ ᠠᠵᠢᠯ ᠢ ᠡᠭᠦᠷᠭᠡᠯᠡᠨ᠎ᠡ᠃ ᠬᠠᠣᠯᠢ ᠪᠠᠷ ᠵᠠᠰᠠᠬᠤ ᠶᠢᠨ | ᠤᠬᠠᠭᠤᠯᠤᠯ ᠪᠠ ᠰᠣᠷᠭᠠᠨ ᠬᠦᠮᠦᠵᠢᠯ ᠢ ᠦᠷᠨᠢᠬᠦᠯᠦᠨ᠎ᠡ᠃ ᠲᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠤᠨ ᠬᠠᠣᠯᠢ | ᠶᠤᠰᠤᠲᠤ ᠰᠢᠨᠵᠢ ᠶᠢᠨ ᠬᠢᠨᠠᠨ ᠪᠠᠶᠢᠴᠠᠭᠠᠯᠲᠠ᠂ ᠵᠠᠰᠠᠭ ᠵᠠᠬᠢᠷᠭᠠᠨ ᠤ ᠲᠠᠬᠢᠨ ᠵᠦᠪᠯᠡᠬᠦ᠂ ᠵᠠᠰᠠᠭ ᠵᠠᠬᠢᠷᠭᠠᠨ ᠤ ᠵᠠᠷᠭᠤ | ᠳᠤ ᠬᠠᠷᠢᠭᠤᠴᠠᠬᠤ ᠠᠵᠢᠯ ᠢ ᠡᠭᠦᠷᠭᠡᠯᠡᠨ᠎ᠡ᠃ | | ᠠᠵᠢᠯᠲᠠᠨ ᠤ ᠶᠠᠪᠣᠳᠠᠯ ᠤᠨ ᠭᠠᠵᠠᠷ | ᠴᠢᠳᠠᠪᠣᠷᠢᠳᠠᠨ ᠤ ᠡᠩᠨᠡᠭᠡ ᠶᠢᠨ ᠪᠦᠳᠦᠭᠡᠨ ᠪᠠᠶᠢᠭᠤᠯᠣᠯᠲᠠ ᠶᠢᠨ ᠲᠦᠯᠦᠪᠯᠡᠯᠭᠡ ᠶᠢ ᠲᠤᠭᠲᠠᠭᠠᠵᠤ᠂ ᠵᠤᠬᠢᠶᠠᠨ | ᠪᠠᠶᠢᠭᠤᠯᠵᠤ ᠬᠡᠷᠡᠭᠵᠢᠬᠦᠯᠦᠨ᠂ ᠰᠣᠶᠣᠯ ᠪᠠ ᠵᠢᠭᠤᠯᠴᠢᠯᠠᠯ ᠤᠨ ᠴᠢᠳᠠᠪᠣᠷᠢᠲᠠᠨ ᠢ ᠬᠦᠮᠦᠵᠢᠬᠦᠯᠬᠦ ᠠᠵᠢᠯ ᠢ | ᠬᠠᠷᠢᠭᠤᠴᠠᠨ᠂ ᠲᠣᠰᠬᠠᠢ ᠮᠡᠷᠭᠡᠵᠢᠯ ᠤᠨ ᠴᠣᠯᠠ ᠣᠯᠭᠤᠬᠤ ᠠᠵᠢᠯ ᠢ ᠵᠣᠬᠢᠶᠠᠨ ᠪᠠᠶᠢᠭᠤᠯᠣᠨ᠎ᠠ᠃ ᠠᠯᠪᠠᠨ | ᠪᠠᠶᠢᠭᠤᠯᠭ᠎ᠠ ᠪᠠ ᠬᠠᠷᠢᠶ᠎ᠠ ᠪᠠᠶᠢᠭᠤᠯᠭ᠎ᠠ ᠶᠢᠨ ᠠᠵᠢᠯᠲᠠᠨ ᠤ ᠶᠠᠪᠣᠳᠠᠯ ᠤᠨ ᠬᠠᠮᠢᠶᠠᠷᠣᠯᠲᠠ᠂ ᠪᠠᠶᠢᠭᠤᠯᠥᠮᠵᠢ ᠶᠢᠨ | ᠣᠷᠣᠨ ᠲᠤᠭ᠎ᠠ᠂ ᠡᠩᠨᠡᠭᠡ ᠶᠢᠨ ᠪᠦᠳᠦᠭᠡᠨ ᠪᠠᠶᠢᠭᠤᠯᠣᠯᠲᠠ ᠵᠡᠷᠭᠡ ᠠᠵᠢᠯ ᠢ ᠬᠠᠷᠢᠭᠤᠴᠠᠨ᠎ᠠ᠃ ᠪᠦᠬᠦ ᠣᠷᠣᠨ ᠤ | ᠰᠣᠶᠣᠯ ᠪᠠ ᠵᠢᠭᠤᠯᠴᠢᠯᠠᠯ ᠤᠨ ᠬᠦᠭᠵᠢᠯᠲᠡ ᠶᠢᠨ ᠪᠤᠳᠠᠳᠠᠢ ᠬᠢᠨᠠᠨ ᠪᠠᠶᠢᠴᠠᠭᠠᠬᠤ ᠠᠵᠢᠯ ᠢ ᠲᠤᠯᠤᠭᠠᠶᠢᠯᠠᠨ | ᠬᠠᠷᠢᠭᠤᠴᠠᠨ᠎ᠠ᠃ | | ᠡᠳ᠋ ᠤᠨ ᠶᠠᠪᠣᠳᠠᠯ ᠤᠨ ᠭᠠᠵᠠᠷ | ᠰᠠᠯᠠᠭ᠎ᠠ ᠮᠦᠴᠢᠷ ᠤᠨ ᠲᠦᠰᠦᠪ ᠪᠠ ᠬᠠᠮᠢᠶ᠎ᠠ ᠪᠦᠬᠦᠢ ᠡᠳ᠋ ᠤᠨ ᠵᠠᠰᠠᠭ ᠤᠨ ᠬᠦᠷᠦᠩᠭᠡ ᠮᠦᠩᠭᠦ ᠶᠢᠨ | ᠬᠠᠮᠢᠶᠠᠷᠣᠯᠲᠠ ᠶᠢᠨ ᠠᠵᠢᠯ ᠢ ᠬᠠᠷᠢᠭᠤᠴᠠᠨ᠎ᠠ᠃ ᠠᠯᠪᠠᠨ ᠪᠠᠶᠢᠭᠤᠯᠭ᠎ᠠ ᠶᠢᠨ ᠡᠳ᠋ ᠤᠨ ᠶᠠᠪᠣᠳᠠᠯ᠂ ᠡᠳ᠋ ᠬᠦᠷᠦᠩᠭᠡ | ᠶᠢᠨ ᠬᠠᠮᠢᠶᠠᠷᠣᠯᠲᠠ ᠶᠢ ᠬᠠᠷᠢᠭᠤᠴᠠᠨ᠎ᠠ᠃ ᠪᠦᠬᠦ ᠣᠷᠣᠨ ᠤ ᠰᠣᠶᠣᠯ᠂ ᠲᠡᠦᠭᠡ ᠶᠢᠨ ᠲᠣᠷᠠᠰᠬᠠᠯᠲᠦ ᠵᠦᠢᠯ ᠪᠠ | ᠵᠢᠭᠤᠯᠴᠢᠯᠠᠯ ᠤᠨ ᠪᠦᠷᠢᠳᠬᠡᠬᠦ ᠠᠵᠢᠯ ᠢ ᠬᠠᠷᠢᠭᠤᠴᠠᠨ᠎ᠠ᠃ ᠠᠯᠪᠠᠨ ᠪᠠᠶᠢᠭᠤᠯᠭ᠎ᠠ ᠪᠠ ᠬᠠᠷᠢᠶ᠎ᠠ ᠪᠠᠶᠢᠭᠤᠯᠭ᠎ᠠ ᠶᠢᠨ | ᠲᠣᠳᠣᠭᠠᠲᠦ ᠶᠢᠨ ᠬᠢᠨᠠᠨ ᠪᠣᠳᠣᠯᠲᠠ᠂ ᠵᠠᠰᠠᠭ ᠤᠨ ᠣᠷᠳᠣᠨ ᠤ ᠬᠤᠳᠠᠯᠳᠣᠨ ᠠᠪᠬᠤ ᠠᠵᠢᠯ ᠢ ᠬᠠᠷᠢᠭᠤᠴᠠᠨ᠎ᠠ᠃ | ᠬᠠᠷᠢᠶ᠎ᠠ ᠪᠠᠶᠢᠭᠤᠯᠭ᠎ᠠ ᠶᠢᠨ ᠡᠳ᠋ ᠤᠨ ᠶᠠᠪᠣᠳᠠᠯ᠂ ᠡᠳ᠋ ᠬᠦᠷᠦᠩᠭᠡ ᠶᠢᠨ ᠬᠠᠮᠢᠶᠠᠷᠣᠯᠲᠠ ᠶᠢ ᠵᠢᠭᠠᠨ ᠵᠢᠯᠤᠭᠤᠳᠴᠤ | ᠬᠢᠨᠠᠯᠲᠠ ᠲᠠᠯᠪᠢᠨ᠎ᠠ᠃ ᠦᠪᠡᠷᠳᠡᠭᠡᠨ ᠵᠠᠰᠠᠬᠤ ᠣᠷᠣᠨ ᠤ ᠭᠤᠤᠯᠳᠠᠯᠭᠠᠲᠤ ᠵᠢᠴᠢ ᠦᠨᠳᠦᠰᠦᠨ ᠱᠠᠳᠣᠨ ᠤ ᠰᠣᠶᠣᠯ | ᠪᠠ ᠵᠢᠭᠤᠯᠴᠢᠯᠠᠯ ᠤᠨ ᠲᠤᠨᠤᠭ ᠲᠦᠬᠦᠭᠡᠷᠦᠮᠵᠢ ᠶᠢᠨ ᠪᠦᠳᠦᠭᠡᠨ ᠪᠠᠶᠢᠭᠤᠯᠣᠯᠲᠠ ᠶᠢ ᠵᠢᠯᠣᠭᠤᠳᠣᠨ᠎ᠠ᠃ | | ᠣᠷᠠᠯᠢᠭ ᠤᠨ ᠭᠠᠵᠠᠷ ︵ᠤᠯᠠᠭᠠᠨᠮᠦ᠋ᠴᠢᠷ ᠤᠨ ᠦᠢᠯᠡᠰ ᠤᠨ ᠭᠠᠵᠠᠷ︶ | ᠲᠠᠭᠤᠣ᠂ ᠪᠦᠵᠢᠭ᠂ ᠲᠠᠭᠤᠯᠠᠯᠲᠦ ᠵᠦᠴᠦᠭᠡ᠂ ᠰᠢ ᠵᠦᠴᠦᠭᠡ᠂ ᠣᠷᠠᠨ ᠵᠢᠷᠤᠭ ᠵᠡᠷᠭᠡ ᠣᠳᠬ᠎ᠠ ᠣᠷᠠᠯᠢᠭ | ᠤᠨ ᠦᠢᠯᠡᠰ ᠪᠠ ᠤᠯᠠᠭᠠᠨᠮᠦ᠋ᠴᠢᠷ ᠤᠨ ᠦᠢᠯᠡᠰ ᠤᠨ ᠬᠦᠭᠵᠢᠯᠲᠡ ᠶᠢᠨ ᠲᠦᠯᠦᠪᠯᠡᠯᠭᠡ᠂ ᠲᠤᠰᠠᠯᠠᠵᠤ ᠳᠡᠮᠵᠢᠬᠦ | ᠲᠦᠷᠦ ᠶᠢᠨ ᠪᠣᠳᠣᠯᠭ᠎ᠠ ᠶᠢ ᠲᠤᠭᠲᠠᠭᠠᠵᠤ ᠵᠤᠬᠢᠶᠠᠨ ᠪᠠᠶᠢᠭᠤᠯᠵᠤ ᠬᠡᠷᠡᠭᠵᠢᠬᠦᠯᠦᠨ᠎ᠡ᠃ ᠪᠦᠬᠦ ᠣᠷᠣᠨ ᠤ ᠣᠷᠠᠯᠢᠭ | ᠤᠨ ᠵᠣᠬᠢᠶᠠᠨ ᠪᠦᠲᠦᠭᠡᠯᠲᠡ ᠶᠢ ᠵᠢᠯᠣᠭᠤᠳᠣᠨ ᠭᠤᠤᠯᠳᠠᠯᠭᠠᠲᠤ ᠰᠡᠳᠦᠪ ᠤᠨ ᠣᠷᠠᠯᠢᠭ ᠤᠨ ᠵᠣᠬᠢᠶᠠᠨ ᠪᠦᠳᠦᠭᠡᠯᠭᠡ | ᠶᠢᠨ ᠲᠦᠰᠦᠯ ᠢ ᠵᠣᠬᠢᠶᠠᠨ ᠪᠠᠶᠢᠭᠤᠯᠵᠤ ᠬᠡᠷᠡᠭᠵᠢᠬᠦᠯᠦᠨ᠎ᠡ᠃ ᠨᠡᠶᠢᠭᠡᠮ ᠵᠢᠷᠦᠮᠲᠦ ᠭᠤᠣᠯᠯᠠᠭᠴᠢ ᠦᠷᠳᠡᠭ ᠤᠨ ᠦᠵᠡᠯ | ᠢ ᠲᠣᠰᠬᠠᠭᠰᠠᠨ ᠣᠳᠣᠷᠢᠳᠣᠮᠵᠢ ᠶᠢᠨ ᠴᠢᠨᠠᠷ᠂ ᠲᠦᠯᠦᠭᠡᠯᠡᠬᠦ ᠴᠢᠨᠠᠷ᠂ ᠦᠯᠢᠭᠡᠷ ᠲᠠᠭᠤᠷᠢᠶᠠᠯ ᠤᠨ ᠴᠢᠨᠠᠷ ᠲᠠᠢ | ᠣᠳᠬ᠎ᠠ ᠣᠷᠠᠯᠢᠭ ᠤᠨ ᠪᠦᠳᠦᠭᠡᠯ ᠢ ᠲᠡᠮᠵᠢᠨ᠎ᠡ᠃ ᠬᠠᠷᠢᠶ᠎ᠠ ᠪᠦᠬᠦᠢ ᠣᠳᠬ᠎ᠠ ᠣᠷᠠᠯᠢᠭ ᠤᠨ ᠬᠤᠷᠢᠶ᠎ᠠ ᠪᠦᠯᠬᠦᠮ | ᠤᠨ ᠠᠵᠢᠯ ᠮᠡᠷᠭᠡᠵᠢᠯ ᠤᠨ ᠪᠦᠳᠦᠭᠡᠨ ᠪᠠᠶᠢᠭᠤᠯᠣᠯᠲᠠ ᠪᠠ ᠲᠣᠳᠣᠭᠠᠲᠦ ᠶᠢᠨ ᠬᠠᠮᠢᠶᠠᠷᠣᠯᠲᠠ ᠶᠢ ᠵᠢᠯᠣᠭᠤᠳᠣᠨ᠂ | ᠦᠪᠡᠷᠳᠡᠭᠡᠨ ᠵᠠᠰᠠᠬᠤ ᠣᠷᠣᠨ ᠤ ᠬᠢᠷᠢ ᠬᠡᠮᠵᠢᠶ᠎ᠡ ᠪᠤᠯᠤᠨ ᠦᠨᠳᠦᠰᠦᠲᠡᠨ ᠤ ᠣᠨᠴᠠᠯᠢᠭ ᠢ ᠲᠦᠯᠦᠭᠡᠯᠡᠭᠰᠡᠨ ᠣᠳᠬ᠎ᠠ | ᠣᠷᠠᠯᠢᠭ ᠤᠨ ᠬᠦᠷᠢᠶᠡᠯᠡᠩ ᠪᠦᠯᠬᠦᠮ ᠢ ᠲᠡᠮᠵᠢᠨ᠎ᠡ᠃ ᠡᠯ᠎ᠡ ᠲᠦᠷᠦᠯ ᠤᠨ ᠣᠷᠠᠯᠢᠭ᠂ ᠡᠯ᠎ᠡ ᠣᠷᠠᠯᠢᠭ ᠤᠨ ᠲᠦᠷᠦᠯ | ᠵᠦᠢᠯ ᠢ ᠬᠦᠭᠵᠢᠬᠦᠯᠬᠦ ᠶᠢ ᠲᠦᠯᠬᠢᠨ ᠠᠬᠢᠭᠤᠯᠣᠨ᠎ᠠ᠃ ᠪᠦᠬᠦ ᠣᠷᠣᠨ ᠤ ᠴᠢᠨᠠᠷᠲᠠᠢ ᠣᠷᠠᠯᠢᠭ ᠤᠨ ᠦᠵᠡᠭᠦᠯᠦᠯᠭᠡ | ᠶᠢᠨ ᠲᠣᠭᠯᠠᠯᠲᠠ᠂ ᠦᠵᠡᠰᠬᠦᠯᠡᠩ ᠵᠢᠴᠢ ᠴᠢᠬᠤᠯᠠ ᠣᠳᠬ᠎ᠠ ᠣᠷᠠᠯᠢᠭ ᠤᠨ ᠬᠦᠳᠡᠯᠭᠡᠭᠡᠨ ᠢ ᠵᠢᠯᠣᠭᠤᠳᠣᠨ | ᠵᠣᠬᠢᠴᠠᠭᠤᠯᠣᠨ᠎ᠠ᠃ | | ᠨᠡᠶᠢᠲᠡ ᠶᠢᠨ ᠦᠢᠯᠡᠴᠢᠯᠡᠭᠡᠨ ᠤ ᠭᠠᠵᠠᠷ | ᠰᠣᠶᠣᠯ ᠪᠠ ᠵᠢᠭᠤᠯᠴᠢᠯᠠᠯ ᠤᠨ ᠨᠡᠶᠢᠲᠡ ᠶᠢᠨ ᠦᠢᠯᠡᠴᠢᠯᠡᠭᠡᠨ ᠤ ᠲᠦᠷᠦ ᠶᠢᠨ ᠪᠣᠳᠣᠯᠭ᠎ᠠ ᠵᠢᠴᠢ ᠨᠡᠶᠢᠲᠡ | ᠶᠢᠨ ᠰᠣᠶᠣᠯ ᠤᠨ ᠦᠢᠯᠡᠰ ᠤᠨ ᠬᠦᠭᠵᠢᠯᠲᠡ ᠶᠢᠨ ᠲᠦᠯᠦᠪᠵᠢᠭᠦᠯᠭᠡ ᠶᠢ ᠲᠤᠭᠲᠠᠭᠠᠵᠤ ᠵᠣᠬᠢᠶᠠᠨ ᠪᠠᠶᠢᠭᠤᠯᠵᠤ | ᠬᠡᠷᠡᠭᠵᠢᠬᠦᠯᠦᠨ᠎ᠡ᠃ ᠪᠦᠬᠦ ᠣᠷᠣᠨ ᠤ ᠨᠡᠶᠢᠲᠡ ᠶᠢᠨ ᠰᠣᠶᠣᠯ ᠤᠨ ᠦᠢᠯᠡᠴᠢᠯᠡᠭᠡ ᠪᠠ ᠵᠢᠭᠤᠯᠴᠢᠯᠠᠯ ᠤᠨ ᠨᠡᠶᠢᠲᠡ | ᠶᠢᠨ ᠦᠢᠯᠡᠴᠢᠯᠡᠭᠡ ᠶᠢᠨ ᠵᠢᠯᠤᠭᠤᠳᠬᠤ᠂ ᠵᠣᠬᠢᠴᠠᠭᠤᠯᠬᠤ ᠪᠠ ᠲᠦᠯᠬᠢᠨ ᠠᠬᠢᠭᠤᠯᠬᠤ ᠠᠵᠢᠯ ᠢ ᠡᠭᠦᠷᠭᠡᠯᠡᠨ᠎ᠡ᠃ | ᠦᠪᠡᠷᠳᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠨᠡᠶᠢᠲᠡ ᠶᠢᠨ ᠦᠢᠯᠡᠴᠢᠯᠡᠭᠡᠨ ᠤ ᠪᠠᠷᠢᠮᠵᠢᠶ᠎ᠠ ᠶᠢ | ᠲᠤᠭᠲᠠᠭᠠᠵᠤ᠂ ᠬᠡᠷᠡᠭᠵᠢᠬᠦᠯᠦᠯᠲᠡ ᠳᠤ ᠬᠢᠨᠠᠯᠲᠠ ᠲᠠᠯᠪᠢᠨ᠎ᠠ᠃ ᠣᠳᠣᠷᠢᠳᠣᠮᠵᠢ ᠶᠢᠨ ᠴᠢᠨᠠᠷ᠂ ᠦᠯᠢᠭᠡᠷ ᠲᠠᠭᠤᠷᠢᠶᠠᠯ | ᠤᠨ ᠴᠢᠨᠠᠷᠲᠠᠢ ᠰᠣᠶᠣᠯ ᠪᠠ ᠵᠢᠭᠤᠯᠴᠢᠯᠠᠯ ᠤᠨ ᠨᠡᠶᠢᠲᠡ ᠶᠢᠨ ᠦᠢᠯᠡᠴᠢᠯᠡᠭᠡᠨ ᠤ ᠬᠦᠳᠡᠯᠭᠡᠭᠡᠨ ᠢ ᠵᠣᠬᠢᠶᠠᠨ | ᠪᠠᠶᠢᠭᠤᠯᠵᠤ ᠦᠷᠨᠢᠬᠦᠯᠦᠨ᠎ᠡ᠃ ᠣᠯᠠᠨ ᠲᠦᠮᠡᠨ ᠤ ᠰᠣᠶᠣᠯ᠂ ᠴᠦᠬᠡᠨ ᠲᠣᠭᠠᠲᠦ ᠦᠨᠳᠦᠰᠦᠲᠡᠨ ᠤ ᠰᠣᠶᠣᠯ᠂ | ᠨᠠᠰᠣᠨ ᠳᠤ ᠦᠯᠦ ᠬᠦᠷᠦᠭᠰᠡᠳ ᠤᠨ ᠰᠣᠶᠣᠯ ᠪᠠ ᠨᠠᠰᠤᠲᠠᠶᠢᠴᠤᠳ ᠤᠨ ᠰᠣᠶᠣᠯ ᠤᠨ ᠠᠵᠢᠯ ᠢ ᠵᠢᠯᠤᠭᠤᠳᠴᠤ᠂ | ᠨᠣᠮ ᠤᠨ ᠰᠠᠩ᠂ ᠰᠣᠶᠣᠯ ᠤᠨ ᠣᠷᠳᠣᠨ᠂ ᠦᠵᠡᠰᠬᠦᠯᠡᠩ ᠤᠨ ᠤᠷᠳᠤᠨ ᠤ ᠦᠢᠯᠡᠰ ᠪᠠ ᠦᠨᠳᠦᠰᠦᠨ ᠱᠠᠳᠣᠨ ᠤ | ᠶᠡᠷᠦᠩᠬᠡᠶᠢᠯᠡᠭᠰᠡᠨ ᠴᠢᠨᠠᠷᠲᠠᠢ ᠰᠣᠶᠣᠯ ᠤᠨ ᠦᠢᠯᠡᠴᠢᠯᠡᠭᠡᠨ ᠤ ᠲᠦᠪ ᠤᠨ ᠪᠦᠳᠦᠭᠡᠨ ᠪᠠᠶᠢᠭᠤᠯᠣᠯᠲᠠ ᠶᠢ | ᠵᠢᠯᠣᠭᠤᠳᠣᠨ᠎ᠠ᠃ ᠨᠡᠶᠢᠲᠡ ᠶᠢᠨ ᠲᠤᠭᠠᠴᠠᠭᠠᠯᠠᠭᠰᠠᠨ ᠰᠣᠶᠣᠯ ᠪᠠ ᠡᠷᠳᠡᠨ ᠤ ᠰᠣᠳᠣᠷ ᠤᠨ ᠬᠠᠮᠠᠭᠠᠯᠠᠯᠲᠠ ᠶᠢᠨ | ᠠᠵᠢᠯ ᠢ ᠵᠢᠯᠦᠭᠤᠳᠣᠨᠠ᠃ ᠠᠷᠠᠳ ᠤᠨ ᠣᠷᠠᠯᠢᠭ ᠤᠨ ᠨᠣᠳᠤᠭ ᠪᠠ ᠰᠣᠶᠣᠯ ᠤᠨ ᠰᠠᠶᠢᠨ ᠲᠣᠷ᠎ᠠ ᠶᠢᠨ | ᠦᠢᠯᠡᠴᠢᠯᠡᠭᠡᠨ ᠤ ᠡᠩᠨᠡᠭᠡ ᠶᠢᠨ ᠪᠦᠳᠦᠭᠡᠨ ᠪᠠᠶᠢᠭᠤᠯᠣᠯᠲᠠ ᠶᠢ ᠵᠢᠯᠣᠭᠤᠳᠣᠨ᠎ᠠ᠃ | | ᠰᠢᠨᠵᠢᠯᠡᠬᠦ ᠮᠡᠷᠭᠡᠵᠢᠯ ᠰᠣᠷᠭᠠᠨ ᠬᠦᠮᠦᠵᠢᠯ ᠤᠨ ᠭᠠᠵᠠᠷ | ᠰᠣᠶᠣᠯ ᠪᠠ ᠵᠢᠭᠤᠯᠴᠢᠯᠠᠯ ᠤᠨ ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠬᠦᠭᠵᠢᠯᠲᠡ ᠶᠢᠨ | ᠲᠦᠯᠦᠪᠵᠢᠭᠦᠯᠭᠡ᠂ ᠣᠷᠠᠯᠢᠭ ᠤᠨ ᠰᠤᠳᠤᠯᠭᠠᠨ ᠤ ᠲᠦᠯᠦᠪᠵᠢᠭᠦᠯᠭᠡ ᠪᠠ ᠲᠦᠷᠦ ᠶᠢᠨ ᠪᠣᠳᠣᠯᠭ᠎ᠠ ᠶᠢ | ᠲᠤᠭᠲᠠᠭᠠᠵᠤ ᠵᠣᠬᠢᠶᠠᠨ ᠪᠠᠶᠢᠭᠤᠯᠵᠤ ᠬᠡᠷᠡᠭᠵᠢᠬᠦᠯᠦᠨ᠎ᠡ᠃ ᠰᠣᠶᠣᠯ ᠪᠠ ᠵᠢᠭᠤᠯᠴᠢᠯᠠᠯ ᠤᠨ ᠰᠤᠳᠤᠯᠭᠠᠨ ᠤ ᠠᠵᠢᠯ | ᠪᠤᠯᠤᠨ ᠦᠷ᠎ᠡ ᠪᠦᠳᠦᠭᠡᠯ ᠤᠨ ᠲᠡᠯᠭᠡᠷᠡᠭᠦᠯᠦᠯᠲᠡ ᠶᠢ ᠵᠣᠬᠢᠶᠠᠨ ᠪᠠᠶᠢᠭᠤᠯᠵᠤ ᠦᠷᠨᠢᠬᠦᠯᠦᠨ᠎ᠡ᠃ ᠰᠣᠶᠣᠯ ᠪᠠ | ᠵᠢᠭᠤᠯᠴᠢᠯᠠᠯ ᠤᠨ ᠦᠢᠯᠡᠰ ᠤᠨ ᠰᠣᠷᠠᠭ ᠵᠠᠩᠬᠢᠴᠢᠯᠠᠯᠲᠠ᠂ ᠪᠠᠷᠢᠮᠵᠢᠶᠠᠵᠢᠭᠤᠯᠬᠤ ᠠᠵᠢᠯ ᠢ ᠵᠣᠬᠢᠶᠠᠨ ᠪᠠᠶᠢᠭᠤᠯᠵᠦ | ᠵᠣᠬᠢᠴᠠᠭᠤᠯᠣᠨ᠂ ᠰᠣᠷᠠᠭ ᠵᠠᠩᠬᠢ ᠶᠢᠨ ᠡᠬᠢ ᠪᠠᠶᠠᠯᠢᠭ ᠢ ᠬᠠᠮᠲᠦ ᠪᠠᠷ ᠴᠤᠭᠴᠠᠯᠠᠨ ᠬᠠᠮᠲᠦ ᠪᠠᠷ ᠡᠳ᠋ᠯᠡᠬᠦ ᠪᠠ ᠨᠡᠭᠡᠭᠡᠨ | ᠠᠰᠢᠭᠯᠠᠬᠤ ᠶᠢ ᠲᠦᠯᠬᠢᠨ ᠠᠬᠢᠭᠤᠯᠣᠨ᠎ᠠ᠃ ᠰᠣᠶᠣᠯ ᠪᠠ ᠵᠢᠭᠤᠯᠴᠢᠯᠠᠯ ᠤᠨ ᠲᠤᠨᠤᠭ ᠲᠦᠭᠦᠬᠡᠷᠦᠮᠵᠢ ᠶᠢᠨ ᠮᠡᠷᠭᠡᠵᠢᠯ | ᠤᠨ ᠲᠡᠭᠡᠭᠰᠢᠯᠡᠯᠲᠡ ᠶᠢ ᠵᠢᠯᠣᠭᠤᠳᠣᠨ᠎ᠠ᠃ ᠰᠣᠶᠣᠯ ᠪᠠ ᠵᠢᠭᠤᠯᠴᠢᠯᠠᠯ ᠤᠨ ᠲᠡᠭᠡᠲᠦ ᠵᠡᠷᠭᠡ ᠶᠢᠨ ᠰᠣᠷᠭᠠᠭᠤᠯᠢ ᠶᠢ | ᠬᠠᠮᠲᠦ ᠪᠠᠷ ᠪᠠᠶᠢᠭᠤᠯᠬᠤ ᠪᠠ ᠠᠵᠢᠯ ᠲᠦᠷᠦᠯ ᠤᠨ ᠲᠣᠰᠬᠠᠢ ᠮᠡᠷᠭᠡᠵᠢᠯ ᠤᠨ ᠰᠣᠷᠭᠠᠨ ᠬᠦᠮᠦᠵᠢᠯ ᠤᠨ ᠠᠵᠢᠯ ᠢ | ᠵᠢᠯᠣᠭᠤᠳᠣᠨ᠎ᠠ᠃ ᠪᠦᠬᠦ ᠣᠷᠣᠨ ᠤ ᠨᠡᠶᠢᠭᠡᠮ ᠤᠨ ᠣᠷᠠᠯᠢᠭ ᠤᠨ ᠬᠢᠷᠢ ᠲᠦᠪᠰᠢᠨ ᠤ ᠲᠡᠰ ᠰᠢᠯᠭᠠᠷᠠᠭᠤᠯᠬᠤ ᠠᠵᠢᠯ ᠢ | ᠬᠢᠨᠠᠨ ᠬᠠᠮᠢᠶᠠᠷᠣᠨ᠎ᠠ᠃ | | ᠪᠣᠳᠠᠰ ᠤᠨ ᠪᠣᠰᠦ ᠰᠣᠶᠣᠯ ᠤᠨ ᠦᠪ ᠤᠨ ᠭᠠᠵᠠᠷ | ᠪᠣᠳᠠᠰ ᠤᠨ ᠪᠣᠰᠦ ᠰᠣᠶᠣᠯ ᠤᠨ ᠦᠪ ᠢ ᠬᠠᠮᠠᠭᠠᠯᠠᠬᠤ ᠲᠦᠷᠦ ᠶᠢᠨ ᠪᠣᠳᠣᠯᠭ᠎ᠠ ᠪᠠ ᠲᠦᠯᠦᠪᠵᠢᠭᠦᠯᠭᠡ ᠶᠢ | ᠲᠤᠭᠲᠠᠭᠠᠵᠤ ᠵᠣᠬᠢᠶᠠᠨ ᠪᠠᠶᠢᠭᠤᠯᠵᠤ ᠬᠡᠷᠡᠭᠵᠢᠬᠦᠯᠦᠨ᠎ᠡ᠃ ᠪᠣᠳᠠᠰ ᠤᠨ ᠪᠣᠰᠦ ᠰᠣᠶᠣᠯ ᠤᠨ ᠦᠪ ᠤᠨ ᠬᠠᠮᠠᠭᠠᠯᠠᠯᠲᠠ | ᠶᠢᠨ ᠠᠵᠢᠯ ᠢ ᠵᠣᠬᠢᠶᠠᠨ ᠪᠠᠶᠢᠭᠤᠯᠵᠤ ᠦᠷᠨᠢᠬᠦᠯᠦᠨ᠎ᠡ᠃ ᠪᠣᠳᠠᠰ ᠤᠨ ᠪᠣᠰᠦ ᠰᠣᠶᠣᠯ ᠤᠨ ᠦᠪ ᠤᠨ ᠪᠠᠶᠢᠴᠠᠭᠠᠯᠲᠠ᠂ | ᠳᠡᠮᠳᠡᠭᠯᠡᠯ᠂ ᠨᠣᠲᠠᠯᠠᠯᠲᠠ ᠪᠠ ᠨᠡᠷᠡᠰ ᠤᠨ ᠵᠢᠭᠰᠠᠭᠠᠯᠲᠠ ᠶᠢ ᠪᠠᠶᠢᠭᠤᠯᠬᠤ ᠶᠢ ᠵᠢᠯᠣᠭᠤᠳᠣᠨ᠂ ᠪᠣᠳᠠᠰ ᠤᠨ ᠪᠣᠰᠦ | ᠰᠣᠶᠣᠯ ᠤᠨ ᠦᠪ ᠤᠨ ᠲᠠᠩᠰᠠ ᠡᠪᠬᠡᠮᠡᠯ ᠵᠢᠴᠢ ᠬᠤᠯᠪᠣᠭᠳᠠᠬᠤ ᠲᠤᠭ᠎ᠠ ᠪᠠᠷᠢᠮᠳᠠ ᠶᠢᠨ ᠬᠦᠮᠦᠷᠭᠡ ᠶᠢᠨ ᠪᠦᠳᠦᠭᠡᠨ | ᠪᠠᠶᠢᠭᠤᠯᠣᠯᠲᠠ ᠶᠢ ᠲᠦᠯᠬᠢᠨ ᠠᠬᠢᠭᠤᠯᠣᠨ᠎ᠠ᠃ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠤ | ᠪᠦᠳᠦᠭᠡᠨ ᠪᠠᠶᠢᠭᠤᠯᠣᠯᠲᠠ ᠶᠢ ᠵᠢᠯᠣᠭᠤᠳᠣᠨ᠎ᠠ᠃ ᠣᠯᠠᠮᠵᠢᠯᠠᠯᠲᠦ ᠣᠷᠠᠯᠠᠯ ᠢ ᠰᠡᠷᠭᠦᠭᠡᠨ ᠮᠠᠨᠳᠣᠭᠤᠯᠬᠤ ᠲᠦᠯᠦᠪᠯᠡᠯᠭᠡ | ᠶᠢ ᠵᠣᠬᠢᠶᠠᠨ ᠪᠠᠶᠢᠭᠤᠯᠵᠤ ᠬᠡᠷᠡᠭᠵᠢᠬᠦᠯᠦᠨ᠎ᠡ᠃ ᠪᠣᠳᠠᠰ ᠤᠨ ᠪᠣᠰᠦ ᠰᠣᠶᠣᠯ ᠤᠨ ᠦᠪ ᠤᠨ ᠰᠣᠳᠣᠯᠬᠤ᠂ | ᠣᠬᠠᠭᠤᠯᠬᠤ ᠪᠠ ᠲᠠᠷᠬᠠᠭᠠᠬᠤ ᠠᠵᠢᠯ ᠢ ᠵᠣᠬᠢᠶᠠᠨ ᠪᠠᠶᠢᠭᠤᠯᠣᠨ᠎ᠠ᠃ | | ᠠᠵᠦ ᠦᠢᠯᠡᠰ ᠤᠨ ᠬᠦᠭᠵᠢᠬᠦᠯᠦᠯᠲᠡ ᠶᠢᠨ ᠭᠠᠵᠠᠷ | ᠰᠣᠶᠣᠯ ᠤᠨ ᠠᠵᠦ ᠦᠢᠯᠡᠰ᠂ ᠵᠢᠭᠤᠯᠴᠢᠯᠠᠯ ᠤᠨ ᠠᠵᠦ ᠦᠢᠯᠡᠰ ᠤᠨ ᠲᠦᠷᠦ ᠶᠢᠨ ᠪᠣᠳᠣᠯᠭ᠎ᠠ ᠪᠠ | ᠬᠦᠭᠵᠢᠯᠲᠡ ᠶᠢᠨ ᠲᠦᠯᠦᠪᠵᠢᠭᠦᠯᠭᠡ ᠶᠢ ᠲᠤᠭᠲᠠᠭᠠᠵᠤ ᠵᠣᠬᠢᠶᠠᠨ ᠪᠠᠶᠢᠭᠤᠯᠵᠤ ᠬᠡᠷᠡᠭᠵᠢᠬᠦᠯᠦᠨ᠎ᠡ᠃ ᠰᠣᠶᠣᠯ ᠤᠨ | ᠠᠵᠦ ᠦᠢᠯᠡᠰ ᠤᠨ ᠬᠠᠮᠢᠶ᠎ᠠ ᠪᠦᠬᠦᠢ ᠲᠦᠷᠦᠯ ᠵᠦᠢᠯ ᠪᠠ ᠵᠢᠭᠤᠯᠴᠢᠯᠠᠯ ᠤᠨ ᠠᠵᠦ ᠦᠢᠯᠡᠰ ᠵᠢᠴᠢ ᠰᠢᠨ᠎ᠡ | ᠬᠡᠯᠪᠡᠷᠢᠲᠦ ᠦᠢᠯᠡᠰ ᠤᠨ ᠬᠦᠭᠵᠢᠯᠲᠡ ᠶᠢ ᠵᠢᠯᠤᠭᠤᠳᠴᠤ ᠠᠬᠢᠭᠤᠯᠣᠨ᠎ᠠ᠃ ᠰᠣᠶᠣᠯ᠂ ᠵᠢᠭᠤᠯᠴᠢᠯᠠᠯ ᠪᠤᠯᠤᠨ | ᠬᠤᠯᠪᠣᠭᠳᠠᠬᠤ ᠠᠵᠦ ᠦᠢᠯᠡᠰ ᠤᠨ ᠠᠭᠤᠰᠣᠯᠴᠠᠨ ᠬᠦᠭᠵᠢᠬᠦ ᠶᠢ ᠠᠬᠢᠭᠤᠯᠣᠨ᠎ᠠ᠃ ᠠᠵᠦ ᠦᠢᠯᠡᠰ ᠤᠨ ᠪᠡᠯᠡ | ᠣᠷᠣᠭᠤᠯᠣᠯᠲᠠ᠂ ᠪᠡᠯᠡ ᠴᠣᠭᠯᠠᠭᠤᠯᠣᠯᠲᠠ ᠶᠢᠨ ᠰᠢᠰᠲ᠋ᠧᠮ ᠤᠨ ᠪᠦᠳᠦᠭᠡᠨ ᠪᠠᠶᠢᠭᠤᠯᠣᠯᠲᠠ ᠶᠢ ᠲᠦᠯᠬᠢᠨ | ᠠᠬᠢᠭᠤᠯᠣᠨ᠎ᠠ᠃ ᠰᠣᠶᠣᠯ ᠪᠠ ᠵᠢᠭᠤᠯᠴᠢᠯᠠᠯ ᠤᠨ ᠠᠵᠦ ᠦᠢᠯᠡᠰ ᠤᠨ ᠭᠤᠣᠯᠳᠠᠯᠭ᠎ᠠ ᠲᠠᠢ ᠦᠵᠡᠭᠦᠯᠦᠯᠭᠡ᠂ | ᠶᠠᠷᠢᠯᠴᠠᠭᠠᠨ ᠤ ᠲᠠᠪᠴᠠᠩ ᠵᠡᠷᠭᠡ ᠬᠦᠳᠡᠯᠭᠡᠭᠡᠨ ᠢ ᠵᠣᠬᠢᠴᠠᠭᠤᠯᠵᠦ ᠵᠢᠯᠣᠭᠤᠳᠣᠨ᠎ᠠ᠃ ᠰᠣᠶᠣᠯ ᠪᠠ ᠵᠢᠭᠤᠯᠴᠢᠯᠠᠯ ᠤᠨ | ᠠᠵᠦ ᠦᠢᠯᠡᠰ ᠤᠨ ᠬᠦᠷᠢᠶᠡᠯᠡᠩ᠂ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠣᠯᠲᠠ ᠶᠢ ᠵᠢᠯᠣᠭᠤᠳᠣᠨ᠎ᠠ᠃ | | ᠡᠬᠢ ᠪᠠᠶᠠᠯᠢᠭ ᠢ ᠨᠡᠬᠡᠬᠡᠨ ᠠᠰᠢᠭᠯᠠᠬᠤ ᠭᠠᠵᠠᠷ | ᠰᠣᠶᠣᠯ ᠪᠠ ᠵᠢᠭᠤᠯᠴᠢᠯᠠᠯ ᠤᠨ ᠡᠬᠢ ᠪᠠᠶᠠᠯᠢᠭ ᠤᠨ ᠨᠡᠶᠢᠳᠡᠮ ᠤᠨ ᠪᠠᠶᠢᠴᠠᠭᠠᠯᠲᠠ᠂ ᠲᠦᠯᠦᠪᠵᠢᠭᠦᠯᠭᠡ᠂ | ᠨᠡᠬᠡᠬᠡᠯᠲᠡ ᠪᠠ ᠬᠠᠮᠠᠭᠠᠯᠠᠯᠲᠠ ᠶᠢ ᠡᠭᠦᠷᠭᠡᠯᠡᠨ᠎ᠡ᠃ ᠪᠦᠷᠢᠨ ᠳᠡᠬᠦᠯᠳᠡᠷ ᠵᠢᠭᠤᠯᠴᠢᠯᠠᠯ ᠪᠠ ᠲᠦᠷᠪᠡᠨ ᠣᠯᠠᠷᠢᠯ ᠤᠨ | ᠵᠢᠭᠤᠯᠴᠢᠯᠠᠯ ᠢ ᠵᠢᠯᠦᠭᠤᠳᠤᠨ᠂ ᠲᠦᠯᠬᠢᠨ ᠠᠬᠢᠭᠤᠯᠵᠤ᠂ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠲᠠᠢ | ᠬᠤᠯᠪᠣᠭᠳᠠᠬᠤ ᠠᠵᠢᠯ ᠢ ᠡᠭᠦᠷᠭᠡᠯᠡᠨ᠎ᠡ᠃ ᠭᠤᠣᠯᠳᠠᠯᠭ᠎ᠠ ᠲᠠᠢ ᠵᠢᠭᠤᠯᠴᠢᠯᠠᠯ ᠤᠨ ᠣᠷᠣᠨ᠂ ᠴᠡᠭ᠂ ᠵᠠᠮ ᠱᠣᠭᠤᠮ | ᠤᠨ ᠲᠦᠯᠦᠪᠵᠢᠭᠦᠯᠭᠡ ᠶᠢ ᠵᠢᠯᠣᠭᠤᠳᠣᠨ᠎ᠠ᠃ ᠰᠣᠶᠣᠯ ᠪᠠ ᠵᠢᠭᠤᠯᠴᠢᠯᠠᠯ ᠤᠨ ᠪᠦᠳᠦᠭᠡᠭᠳᠡᠬᠦᠨ ᠤ ᠰᠢᠨ᠎ᠡ ᠶᠢ | ᠡᠭᠦᠳᠬᠦ ᠵᠢᠴᠢ ᠨᠡᠭᠡᠭᠡᠨ ᠬᠦᠭᠵᠢᠬᠦᠯᠬᠦ ᠰᠢᠰᠲ᠋ᠧᠮ ᠤᠨ ᠪᠦᠳᠦᠭᠡᠨ ᠪᠠᠶᠢᠭᠤᠯᠣᠯᠲᠠ ᠶᠢ ᠵᠢᠯᠣᠭᠤᠳᠣᠨ᠎ᠠ᠃ ᠰᠣᠶᠣᠯ | ᠤᠨ ᠴᠡᠴᠡᠷᠯᠢᠭ ᠤᠨ ᠪᠦᠳᠦᠭᠡᠨ ᠪᠠᠶᠢᠭᠤᠯᠣᠯᠲᠠ ᠶᠢ ᠵᠢᠯᠣᠭᠤᠳᠣᠨ᠎ᠠ᠃ ᠣᠯᠣᠰ ᠤᠨ ᠲᠣᠳᠣᠭᠠᠲᠦ ᠶᠢᠨ ᠵᠢᠭᠤᠯᠴᠢᠯᠠᠯ | ᠤᠨ ᠵᠠᠬ᠎ᠠ ᠲᠡᠯᠭᠡᠭᠦᠷ ᠤᠨ ᠣᠬᠠᠭᠤᠯᠣᠨ ᠲᠡᠯᠭᠡᠷᠡᠬᠦᠯᠬᠦ ᠠᠵᠢᠯ ᠢ ᠵᠤᠬᠢᠶᠠᠨ ᠪᠠᠶᠢᠭᠤᠯᠵᠤ ᠦᠷᠨᠢᠬᠦᠯᠦᠨ᠎ᠡ᠃ | ᠦᠪᠡᠷᠳᠡᠭᠡᠨ ᠵᠠᠰᠠᠬᠤ ᠣᠷᠣᠨ ᠤ ᠴᠢᠬᠤᠯᠠ ᠰᠣᠶᠣᠯ ᠪᠠ ᠵᠢᠭᠤᠯᠴᠢᠯᠠᠯ ᠤᠨ ᠪᠠᠶᠠᠷ ᠲᠣᠷᠠᠰᠬᠠᠯ ᠤᠨ ᠬᠦᠳᠡᠯᠭᠡᠭᠡᠨ ᠢ | ᠳᠠᠭᠠᠭᠠᠴᠢᠯᠠᠨ᠎ᠠ᠃ | | ᠵᠠᠬ᠎ᠠ ᠲᠡᠯᠭᠡᠭᠦᠷ ᠤᠨ ᠬᠠᠮᠢᠶᠠᠷᠣᠯᠲᠠ ᠶᠢᠨ ᠭᠠᠵᠠᠷ | ᠰᠣᠶᠣᠯ ᠤᠨ ᠵᠠᠬ᠎ᠠ ᠲᠡᠯᠭᠡᠭᠦᠷ ᠪᠠ ᠵᠢᠭᠤᠯᠴᠢᠯᠠᠯ ᠤᠨ ᠵᠠᠬ᠎ᠠ ᠲᠡᠯᠭᠡᠭᠦᠷ ᠤᠨ ᠲᠦᠷᠦ ᠶᠢᠨ ᠪᠣᠳᠣᠯᠭ᠎ᠠ ᠪᠠ | ᠬᠦᠭᠵᠢᠯᠲᠡ ᠶᠢᠨ ᠲᠦᠯᠦᠪᠵᠢᠭᠦᠯᠭᠡ ᠶᠢ ᠲᠤᠭᠲᠠᠭᠠᠵᠤ ᠵᠤᠬᠢᠶᠠᠨ ᠪᠠᠶᠢᠭᠤᠯᠵᠤ ᠬᠡᠷᠡᠭᠵᠢᠬᠦᠯᠦᠨ᠎ᠡ᠃ ᠰᠣᠶᠣᠯ ᠪᠠ | ᠵᠢᠭᠤᠯᠴᠢᠯᠠᠯ ᠤᠨ ᠵᠠᠬ᠎ᠠ ᠲᠡᠯᠭᠡᠭᠦᠷ ᠤᠨ ᠡᠵᠡᠩᠨᠡᠯᠲᠡ ᠳᠤ ᠮᠡᠷᠭᠡᠵᠢᠯ ᠤᠨ ᠬᠢᠨᠠᠨ ᠬᠠᠮᠢᠶᠠᠷᠣᠯᠲᠠ ᠬᠢᠨ᠎ᠡ᠃ ᠰᠣᠶᠣᠯ | ᠪᠠ ᠵᠢᠭᠤᠯᠴᠢᠯᠠᠯ ᠤᠨ ᠦᠢᠯᠡᠰ ᠤᠨ ᠢᠳᠡᠭᠡᠮᠵᠢᠲᠦ ᠰᠢᠰᠲ᠋ᠧᠮ ᠤᠨ ᠪᠦᠳᠦᠭᠡᠨ ᠪᠠᠶᠢᠭᠤᠯᠣᠯᠲᠠ ᠶᠢᠨ ᠠᠵᠢᠯ ᠢ | ᠡᠭᠦᠷᠭᠡᠯᠡᠨ᠎ᠡ᠃ ᠰᠣᠶᠣᠯ ᠪᠠ ᠵᠢᠭᠤᠯᠴᠢᠯᠠᠯ ᠤᠨ ᠵᠠᠬ᠎ᠠ ᠲᠡᠯᠭᠡᠭᠦᠷ ᠤᠨ ᠡᠵᠡᠩᠨᠡᠯᠲᠡ ᠶᠢᠨ ᠲᠠᠯᠠᠪᠣᠷ᠂ ᠲᠤᠨᠤᠭ | ᠲᠦᠬᠦᠭᠡᠷᠦᠮᠵᠢ᠂ ᠦᠢᠯᠡᠴᠢᠯᠡᠭᠡ᠂ ᠪᠦᠳᠦᠭᠡᠭᠳᠡᠭᠦᠨ ᠵᠡᠷᠭᠡ ᠪᠠᠷᠢᠮᠵᠢᠶ᠎ᠠ ᠶᠢ ᠲᠣᠭᠳᠠᠭᠠᠬᠤ ᠶᠢ ᠵᠣᠬᠢᠶᠠᠨ ᠪᠠᠶᠢᠭᠤᠯᠵᠤ | ᠬᠡᠷᠡᠭᠵᠢᠬᠦᠯᠬᠦ ᠳᠤ ᠬᠢᠨᠠᠯᠲᠠ ᠲᠠᠯᠪᠢᠨ᠎ᠠ᠃ ᠰᠣᠶᠣᠯ ᠪᠠ ᠵᠢᠭᠤᠯᠴᠢᠯᠠᠯ ᠤᠨ ᠵᠠᠬ᠎ᠠ ᠲᠡᠯᠭᠡᠭᠦᠷ ᠤᠨ ᠦᠢᠯᠡᠴᠢᠯᠡᠭᠡᠨ ᠤ | ᠴᠢᠨᠠᠷ ᠴᠢᠨᠰᠠᠭ᠎ᠠ ᠪᠠ ᠠᠶᠤᠯ ᠦᠬᠡᠢ ᠦᠢᠯᠡᠳᠪᠦᠷᠢᠯᠡᠯ ᠢ ᠬᠢᠨᠠᠨ ᠬᠠᠮᠢᠶᠠᠷᠣᠨ᠎ᠠ᠃ ᠵᠢᠭᠤᠯᠴᠢᠯᠠᠯ ᠤᠨ ᠠᠵᠦ ᠠᠬᠤᠢ | ᠶᠢᠨ ᠡᠷᠬᠢᠯᠲᠡ ᠶᠢ ᠬᠢᠨᠠᠨ ᠰᠢᠯᠭᠠᠬᠤ᠂ ᠠᠮᠠᠷᠠᠯᠲᠠ ᠶᠢᠨ ᠵᠢᠭᠤᠯᠴᠢᠯᠠᠯ ᠤᠨ ᠵᠠᠬ᠎ᠠ ᠲᠡᠯᠭᠡᠭᠦᠷ᠂ ᠵᠢᠭᠤᠯᠴᠢᠯᠠᠯ ᠤᠨ | ᠠᠮᠦᠷ ᠲᠦᠪᠰᠢᠨ ᠢ ᠶᠡᠷᠦᠩᠬᠡᠶᠢᠯᠡᠨ ᠵᠣᠬᠢᠴᠠᠭᠤᠯᠬᠤ ᠪᠠ ᠬᠢᠨᠠᠨ ᠬᠠᠮᠢᠶᠠᠷᠣᠯᠲᠠ ᠶᠢ ᠡᠭᠦᠷᠭᠡᠯᠡᠨ᠎ᠡ᠃ ᠪᠦᠬᠦ ᠣᠷᠣᠨ ᠤ | ᠵᠢᠭᠤᠯᠴᠢᠯᠠᠯ ᠤᠨ ᠵᠠᠮᠴᠢᠯᠠᠭᠴᠢ ᠶᠢᠨ ᠬᠢᠷᠢ ᠭᠡᠮ ᠤᠨ ᠰᠢᠯᠭᠠᠯᠲᠠ᠂ ᠵᠠᠮᠴᠢᠯᠠᠭᠴᠢ ᠶᠢᠨ ᠲᠡᠰ ᠤᠨ ᠰᠢᠯᠭᠠᠯᠲᠠ ᠵᠡᠷᠭᠡ | ᠬᠠᠮᠢᠶ᠎ᠠ ᠪᠦᠬᠦᠢ ᠠᠵᠢᠯ ᠢ ᠦᠷᠨᠢᠬᠦᠯᠬᠦ ᠶᠢ ᠡᠭᠦᠷᠭᠡᠯᠡᠨ᠎ᠡ᠃ | | ᠰᠣᠶᠣᠯ ᠤᠨ ᠵᠠᠬ᠎ᠠ ᠲᠡᠯᠭᠡᠭᠦᠷ ᠤᠨ ᠶᠡᠷᠦᠩᠬᠡᠶᠢᠯᠡᠭᠰᠡᠨ ᠬᠠᠦᠯᠢ ᠬᠡᠷᠡᠭᠵᠢᠬᠦᠯᠬᠦ ᠬᠢᠨᠠᠯᠲᠠ ᠶᠢᠨ ᠭᠠᠵᠠᠷ ︵ᠲᠣᠪᠴᠢᠶ᠎ᠠ︶ | ᠰᠣᠶᠣᠯ ᠤᠨ ᠵᠠᠬ᠎ᠠ ᠲᠡᠯᠭᠡᠭᠦᠷ ᠤᠨ ᠶᠡᠷᠦᠩᠬᠡᠶᠢᠯᠡᠭᠰᠡᠨ ᠬᠠᠦᠯᠢ ᠬᠡᠷᠡᠭᠵᠢᠬᠦᠯᠬᠦ ᠠᠵᠢᠯ ᠤᠨ ᠲᠦᠷᠢᠮᠵᠢᠯ ᠢ | ᠲᠤᠭᠲᠠᠭᠠᠵᠤ ᠬᠡᠷᠡᠭᠵᠢᠬᠦᠯᠦᠯᠲᠡ ᠳᠤ ᠬᠢᠨᠠᠯᠲᠠ ᠲᠠᠯᠪᠢᠨ᠎ᠠ᠃ ᠰᠣᠶᠣᠯ ᠤᠨ ᠵᠠᠬ᠎ᠠ ᠲᠡᠯᠭᠡᠭᠦᠷ ᠤᠨ ᠶᠡᠷᠦᠩᠬᠡᠶᠢᠯᠡᠭᠰᠡᠨ | ᠬᠠᠣᠯᠢ ᠬᠡᠷᠡᠭᠵᠢᠬᠦᠯᠬᠦ ᠡᠩᠨᠡᠭᠡ ᠶᠢ ᠨᠢᠭᠡᠳᠦᠭᠦᠯᠦᠨ ᠵᠣᠬᠢᠶᠠᠨ ᠪᠠᠶᠢᠭᠤᠯᠬᠤ ᠶᠢ ᠵᠢᠯᠤᠭᠤᠳᠤᠨ ᠲᠦᠯᠬᠢᠨ ᠠᠬᠢᠭᠤᠯᠣᠨ᠎ᠠ | ᠃ ᠰᠣᠶᠣᠯ ᠪᠠ ᠵᠢᠭᠤᠯᠴᠢᠯᠠᠯ ᠤᠨ ᠵᠠᠬ᠎ᠠ ᠲᠡᠯᠭᠡᠭᠦᠷ ᠤᠨ ᠢᠯᠡᠴᠢᠯᠡᠨ ᠮᠡᠳᠡᠬᠦᠯᠬᠦ᠂ ᠵᠠᠭᠠᠯᠳᠤᠬᠤ ᠶᠢ ᠱᠠᠭᠠᠷᠳᠠᠨ ᠬᠢᠬᠦ | ᠶᠢ ᠵᠤᠬᠢᠴᠠᠭᠤᠯᠵᠤ ᠬᠢᠨᠠᠨ ᠬᠦᠢᠴᠡᠳᠬᠡᠨ᠎ᠡ᠃ ᠪᠦᠬᠦ ᠣᠷᠣᠨ ᠤ ᠰᠣᠶᠣᠯ ᠤᠨ ᠵᠠᠬ᠎ᠠ ᠲᠡᠯᠭᠡᠭᠦᠷ ᠤᠨ ᠶᠡᠷᠦᠩᠬᠡᠶᠢᠯᠡᠭᠰᠡᠨ | ᠬᠠᠦᠯᠢ ᠬᠡᠷᠡᠭᠵᠢᠬᠦᠯᠬᠦ ᠠᠵᠢᠯ ᠢ ᠵᠢᠯᠣᠭᠤᠳᠣᠨ ᠬᠢᠨᠠᠵᠦ᠂ ᠪᠦᠬᠦ ᠣᠷᠣᠨ ᠤ ᠴᠢᠨᠠᠷᠲᠠᠢ᠂ ᠣᠷᠣᠨ ᠠᠯᠣᠰᠯᠠᠭᠰᠠᠨ | ᠰᠣᠶᠣᠯ ᠪᠠ ᠵᠢᠭᠤᠯᠴᠢᠯᠠᠯ ᠤᠨ ᠵᠠᠬ᠎ᠠ ᠲᠡᠯᠭᠡᠭᠦᠷ ᠤᠨ ᠬᠦᠨᠲᠦ ᠴᠢᠬᠤᠯᠠ ᠬᠡᠷᠡᠭ ᠵᠠᠷᠭᠤ ᠶᠢ ᠪᠠᠶᠢᠴᠠᠭᠠᠨ ᠰᠢᠢᠳᠭᠡᠬᠦ | ᠪᠠ ᠬᠢᠨᠠᠨ ᠬᠦᠢᠴᠡᠳᠬᠡᠬᠦ ᠶᠢ ᠵᠣᠬᠢᠶᠠᠨ ᠪᠠᠶᠢᠭᠤᠯᠣᠨ᠎ᠠ᠃ | | ᠭᠠᠳᠠᠭᠠᠲᠦ ᠲᠠᠢ ᠰᠣᠯᠢᠯᠴᠠᠬᠤ ᠪᠠ ᠬᠠᠮᠳᠣᠷᠠᠨ ᠠᠵᠢᠯᠯᠠᠬᠤ ᠭᠠᠵᠠᠷ ︵ᠰᠢᠶᠠᠩᠭᠠᠩ ᠣᠣᠮᠧᠨ ᠲᠠᠶᠢᠸᠠᠨ ᠤ ᠠᠯᠪᠠᠨ | ᠭᠡᠷ︶ | ᠰᠣᠶᠣᠯ ᠪᠠ ᠵᠢᠭᠤᠯᠴᠢᠯᠠᠯ ᠤᠨ ᠭᠠᠳᠠᠭᠠᠲᠦ ᠪᠠ ᠰᠢᠶᠠᠩᠭᠠᠩ ᠣᠣᠮᠧᠨ ᠲᠠᠶᠢᠸᠠᠨ ᠲᠠᠢ ᠰᠣᠯᠢᠯᠴᠠᠵᠦ | ᠬᠠᠮᠳᠣᠷᠠᠨ ᠠᠵᠢᠯᠯᠠᠬᠤ ᠲᠦᠷᠦ ᠶᠢᠨ ᠪᠣᠳᠣᠯᠭ᠎ᠠ ᠶᠢ ᠲᠣᠭᠳᠠᠭᠠᠨ᠎ᠠ᠃ ᠰᠣᠶᠣᠯ ᠪᠠ ᠵᠢᠭᠤᠯᠴᠢᠯᠠᠯ ᠤᠨ ᠭᠠᠳᠠᠭᠠᠲᠦ | ᠪᠠ ᠰᠢᠶᠠᠩᠭᠠᠩ ᠣᠣᠮᠧᠨ ᠲᠠᠶᠢᠸᠠᠨ ᠲᠠᠢ ᠰᠣᠯᠢᠯᠴᠠᠵᠦ ᠬᠠᠮᠳᠣᠷᠠᠨ ᠠᠵᠢᠯᠯᠠᠬᠤ ᠵᠢᠴᠢ ᠣᠬᠠᠭᠤᠯᠣᠨ ᠲᠡᠯᠭᠡᠷᠡᠬᠦᠯᠬᠦ | ᠠᠵᠢᠯ ᠢ ᠵᠢᠯᠣᠭᠤᠳᠣᠨ ᠬᠠᠮᠢᠶᠠᠷᠣᠨ᠎ᠠ᠃ ᠰᠣᠶᠣᠯ ᠪᠠ ᠵᠢᠭᠤᠯᠴᠢᠯᠠᠯ ᠤᠨ ᠲᠣᠮᠳᠠᠲᠦ ᠭᠠᠳᠠᠭᠠᠲᠦ ᠶᠢᠨ ᠬᠠᠮᠳᠣᠷᠠᠨ | ᠠᠵᠢᠯᠯᠠᠬᠤ ᠪᠤᠯᠤᠨ ᠪᠣᠰᠣᠳ ᠬᠠᠮᠳᠣᠷᠠᠨ ᠠᠵᠢᠯᠯᠠᠬᠤ ᠪᠢᠴᠢᠭ ᠮᠠᠲ᠋ᠧᠷᠢᠶᠠᠯ ᠤᠨ ᠬᠤᠳᠠᠯᠳᠣᠭᠠᠨ ᠤ ᠭᠠᠷ ᠤᠨ | ᠦᠰᠦᠭ ᠵᠢᠷᠣᠬᠤ ᠠᠵᠢᠯ ᠢ ᠳᠠᠭᠠᠭᠠᠴᠢᠯᠠᠨ᠎ᠠ᠃ ᠵᠠᠰᠠᠭ ᠤᠨ ᠣᠷᠳᠣᠨ᠂ ᠠᠷᠠᠳ ᠤᠨ ᠳᠤᠮᠳᠠᠬᠢ ᠪᠠ ᠣᠯᠠᠨ ᠣᠯᠣᠰ | ᠤᠨ ᠵᠣᠬᠢᠶᠠᠨ ᠪᠠᠶᠢᠭᠤᠯᠣᠯᠲᠠ ᠶᠢᠨ ᠰᠣᠶᠣᠯ ᠪᠠ ᠵᠢᠭᠤᠯᠴᠢᠯᠠᠯ ᠤᠨ ᠬᠦᠷᠢᠶᠡᠨ ᠳᠤ ᠬᠢ ᠰᠤᠯᠢᠯᠴᠠᠭ᠎ᠠ᠂ ᠬᠠᠮᠳᠣᠷᠠᠨ | ᠠᠵᠢᠯᠯᠠᠬᠤ ᠲᠠᠢ ᠬᠤᠯᠪᠣᠭᠳᠠᠭᠰᠠᠨ ᠠᠵᠢᠯ ᠶᠠᠪᠣᠳᠠᠯ ᠢ ᠡᠭᠦᠷᠭᠡᠯᠡᠨ᠎ᠡ᠃ ᠲᠣᠮᠦ ᠬᠡᠯᠪᠡᠷᠢ ᠶᠢᠨ ᠰᠣᠶᠣᠯ ᠪᠠ | ᠵᠢᠭᠤᠯᠴᠢᠯᠠᠯ ᠤᠨ ᠭᠠᠲᠠᠭᠠᠲᠦ ᠪᠠ ᠰᠢᠶᠠᠩᠭᠠᠩ ᠣᠣᠮᠧᠨ ᠲᠠᠶᠢᠸᠠᠨ ᠲᠠᠢ ᠰᠣᠯᠢᠯᠴᠠᠬᠤ ᠪᠤᠯᠤᠨ ᠣᠬᠠᠭᠤᠯᠣᠨ | ᠲᠡᠯᠭᠡᠷᠡᠬᠦᠯᠬᠦ ᠬᠦᠳᠡᠯᠬᠡᠬᠡᠨ ᠢ ᠵᠣᠬᠢᠶᠠᠨ ᠪᠠᠶᠢᠭᠤᠯᠣᠨ᠎ᠠ᠃ | | ᠪᠠᠶᠢᠭᠤᠯᠭ᠎ᠠ ᠶᠢᠨ ᠨᠠᠮ ᠤᠨ ᠬᠤᠷᠢᠶ᠎ᠠ | ᠠᠯᠪᠠᠨ ᠪᠠᠶᠢᠭᠤᠯᠭ᠎ᠠ ᠪᠠ ᠦᠪᠡᠷᠳᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ | ᠲᠣᠪᠴᠢᠶ᠎ᠠ᠂ ᠬᠠᠷᠢᠶ᠎ᠠ ᠪᠠᠶᠢᠭᠤᠯᠭ᠎ᠠ ᠶᠢᠨ ᠨᠠᠮ ᠪᠠ ᠣᠯᠠᠨ ᠲᠦᠮᠡᠨ᠂ ᠰᠠᠬᠢᠯᠭ᠎ᠠ ᠪᠠᠲᠦ ᠪᠠᠶᠢᠴᠠᠭᠠᠬᠤ ᠵᠡᠷᠭᠡ ᠠᠵᠢᠯ ᠢ | ᠬᠠᠷᠢᠭᠤᠴᠠᠨ᠎ᠠ᠃ | | ᠠᠵᠢᠯ ᠠᠴᠠ ᠠᠮᠠᠷᠠᠭᠰᠠᠨ ᠠᠵᠢᠯᠲᠠᠨ ᠤ ᠠᠵᠢᠯ ᠤᠨ ᠭᠠᠵᠠᠷ | ᠠᠯᠪᠠᠨ ᠪᠠᠶᠢᠭᠤᠯᠭ᠎ᠠ ᠪᠠ ᠦᠪᠡᠷᠳᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ | ᠲᠣᠪᠴᠢᠶ᠎ᠠ ᠶᠢᠨ ᠠᠵᠢᠯ ᠠᠴᠠ ᠠᠮᠠᠷᠠᠭᠰᠠᠨ ᠠᠵᠢᠯᠲᠠᠨ ᠤ ᠠᠵᠢᠯ ᠢ ᠬᠠᠷᠢᠭᠤᠴᠠᠨ᠂ ᠬᠠᠷᠢᠶ᠎ᠠ ᠪᠠᠶᠢᠭᠤᠯᠭ᠎ᠠ ᠵᠢᠨᠠᠵᠢᠯ | ᠠᠴᠠ ᠠᠮᠠᠷᠠᠭᠰᠠᠨ ᠠᠵᠢᠯᠲᠠᠨ ᠤ ᠠᠵᠢᠯ ᠢ ᠵᠢᠯᠣᠭᠤᠳᠣᠨ᠎ᠠ᠃ | | | | | | | | | | | | | | | | | | | | | | | | ᠁ |