ᠦᠪᠦᠷ ᠮᠣᠩᠭᠤᠯ ᠤᠨ ᠦᠨᠳᠦᠰᠦᠲᠡᠨ ᠤ ᠤᠷᠠᠯᠢᠭ ᠤᠨ ᠵᠦᠴᠦᠭᠡ ᠶᠢᠨ ᠬᠦᠷᠢᠶᠡᠯᠡᠩ
ᠨᠡᠶᠢᠲᠡᠯᠡᠭᠰᠡᠨ ᠴᠠᠭ᠄
2019/8/5
ᠪᠠᠶᠢᠭᠤᠯᠭ᠎ᠠ ᠶᠢᠨ ᠪᠠᠶᠢᠷᠢᠯᠠᠭᠤᠯᠤᠯᠲᠠ      ᠦᠪᠦᠷ ᠮᠤᠩᠭᠤᠯ ᠤᠨ ᠦᠨᠳᠦᠰᠦᠲᠡᠨ ᠤ ᠤᠷᠠᠯᠢᠭ ᠤᠨ ᠵᠦᠴᠦᠭᠡ ᠶᠢᠨ ᠬᠦᠷᠢᠶᠡᠯᠡᠩ ᠪᠤᠯ ᠦᠪᠦᠷ ᠮᠤᠩᠭᠤᠯ  ᠤᠨ ᠦᠪᠡᠷᠲᠡᠭᠡᠨ ᠵᠠᠰᠠᠬᠤ ᠣᠷᠤᠨ ᠤ ᠰᠢᠭᠤᠳ ᠬᠠᠷᠢᠶ᠎ᠠ ᠴᠣᠷ ᠤᠨ ᠭᠠᠭᠴᠠ ᠤᠷᠠᠯᠢᠭ ᠤᠨ ᠪᠦᠯᠬᠦᠮ ᠪᠤᠯᠤᠨ᠎ᠠ᠃ 2014 ᠣᠨ ᠳᠤ ᠦᠪᠡᠷᠲᠡᠭᠡᠨ ᠵᠠᠰᠠᠬᠤ ᠤᠷᠤᠨ ᠤ ᠶᠢᠰᠦᠨ ᠤᠷᠠᠯᠢᠭ ᠤᠨ ᠪᠠᠶᠢᠭᠤᠯᠭ᠎ᠠ ᠶᠢ ᠨᠢᠭᠡᠳᠭᠡᠭᠰᠡᠨ ᠰᠠᠭᠤᠷᠢᠨ ᠳᠡᠭᠡᠷ᠎ᠡ ᠠᠯᠪᠠᠨ ᠶᠣᠰᠤᠭᠠᠷ ᠵᠤᠬᠢᠶᠠᠨ ᠪᠠᠶᠢᠭᠤᠯᠵᠠᠢ᠃ ᠲᠢᠩᠬᠢᠮ ᠤᠨ ᠳᠡᠰ ᠤᠨ ᠪᠦᠬᠦᠶᠢᠯᠡ ᠣᠷᠤᠨ ᠲᠤᠭ᠎ᠠ ᠪᠠᠷ ᠤᠯᠤᠰ ᠠᠴᠠ ᠮᠦᠩᠬᠦ ᠬᠠᠩᠭᠠᠬᠤ ᠪᠠᠶᠢᠭᠤᠯᠭ᠎ᠠ ᠪᠤᠯᠤᠨ᠎ᠠ᠃ ᠬᠦᠷᠢᠶᠡᠯᠡᠩ ᠤᠨ ᠬᠢᠨᠠᠨ ᠲᠤᠭᠲᠠᠭᠠᠭᠰᠠᠨ ᠤᠷᠤᠨ ᠤᠷᠤᠨ ᠲᠤᠭ᠎ᠠ 918 ᠬᠦᠮᠦᠨ᠂ ᠳᠡᠭᠡᠳᠦ ᠵᠡᠷᠭᠡ ᠶᠢᠨ ᠳᠡᠳ᠋ ᠮᠡᠷᠭᠡᠵᠢᠯ ᠤᠨ ᠴᠤᠯᠠ ᠠᠴᠠ ᠳᠡᠭᠡᠭᠰᠢᠬᠢ ᠲᠤᠰᠬᠠᠢ ᠮᠡᠷᠭᠡᠵᠢᠯ ᠤᠨ ᠴᠤᠯᠠ ᠲᠠᠢ ᠬᠦᠮᠦᠰ 397 ᠬᠦᠮᠦᠨ ᠲᠠᠢ᠃  ᠤᠷᠠᠯᠢᠭ ᠤᠨ ᠵᠦᠴᠦᠭᠡ ᠶᠢᠨ ᠬᠦᠷᠢᠶᠡᠯᠡᠩ  ᠳᠤ ᠳᠠᠭᠤᠤ ᠪᠦᠵᠢᠭ ᠤᠨ ᠪᠦᠯᠬᠦᠮ᠂ ᠰᠢᠭᠤᠳ ᠬᠠᠷᠢᠶ᠎ᠠ ᠤᠯᠠᠭᠠᠨᠮᠦ᠋ᠴᠢᠷ᠂ ᠬᠤᠶᠠᠷ ᠬᠦᠮᠦᠨ ᠤ ᠡᠯᠭᠦᠴᠡᠭᠡ ᠶᠢᠨ ᠤᠷᠠᠯᠢᠭ ᠤᠨ ᠪᠦᠯᠬᠦᠮ᠂ ᠼᠢᠷᠺ ᠤᠨ ᠪᠦᠯᠬᠦᠮ᠂ ᠪᠡᠭᠡᠵᠢᠩ ᠰᠢ ᠶᠢᠨ ᠪᠦᠯᠬᠦᠮ᠂ ᠠᠷᠠᠳ ᠤᠨ ᠳᠠᠭᠤᠤ ᠬᠦᠭᠵᠢᠮ  ᠤᠨ ᠪᠦᠯᠬᠦᠮ᠂ ᠮᠣᠩᠭᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠶᠢᠨ ᠪᠦᠯᠬᠦᠮ᠂ ᠨᠠᠶᠢᠷᠠᠯ ᠬᠦᠭᠵᠢᠮ ᠤᠨ ᠪᠦᠯᠬᠦᠮ᠂ ᠦᠯᠢᠭᠡᠷ ᠮᠤᠩᠭᠤᠯ ᠵᠦᠴᠦᠭᠡ ᠶᠢᠨ ᠬᠦᠷᠢᠶᠡᠯᠡᠩ ︵ᠶᠠᠷᠢᠶᠠᠲᠤ ᠵᠦᠴᠦᠭᠡ ᠶᠢᠨ ᠲᠦᠪ︶ 9 ᠤᠷᠠᠯᠢᠭ ᠤᠨ ᠪᠦᠯᠬᠦᠮ ᠪᠠ ᠤᠯᠠᠭᠠᠨᠮᠦ᠋ᠴᠢᠷ ᠤᠨ ᠬᠠᠮᠢᠶᠠᠷᠤᠯᠲᠠ ᠶᠢᠨ ᠲᠦᠪ ︵ᠲᠤᠭᠯᠠᠯᠲᠠ ᠶᠢᠨ ᠲᠦᠪ︶᠂ ᠵᠤᠬᠢᠶᠠᠨ ᠪᠦᠲᠦᠭᠡᠬᠦ ᠲᠦᠪ  ᠵᠡᠷᠭᠡ 2 ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠵᠢᠴᠢ ᠠᠯᠪᠠᠨ ᠭᠡᠷ᠂ ᠡᠳ᠋  ᠤᠨ ᠵᠠᠰᠠᠭ ᠤᠨ ᠭᠠᠵᠠᠷ᠂ ᠠᠵᠢᠯᠲᠠᠨ ᠢ ᠬᠠᠮᠢᠶᠠᠷᠬᠤ ᠭᠠᠵᠠᠷ ᠵᠡᠷᠭᠡ 3 ᠵᠠᠰᠠᠭ ᠵᠠᠬᠢᠷᠭᠠᠨ ᠤ ᠰᠠᠯᠠᠭ᠎ᠠ ᠮᠦᠴᠢᠷ᠂ ᠬᠠᠷᠢᠶᠠᠨ ᠳᠤ ᠬᠢ ᠤᠷᠠᠯᠢᠭ ᠤᠨ ᠵᠦᠴᠦᠭᠡ ᠶᠢᠨ ᠬᠦᠷᠢᠶᠡᠯᠡᠩ ᠤᠨ ᠳᠠᠭᠤᠤ ᠬᠦᠭᠵᠢᠮ ᠤᠨ ᠲᠢᠩᠬᠢᠮ᠂ ᠤᠯᠠᠭᠠᠨ ᠲᠢᠶᠠᠲᠷ ᠵᠦᠴᠦᠭᠡ ᠶᠢᠨ ᠬᠦᠷᠢᠶᠡᠯᠡᠩ᠂ ᠦᠯᠢᠭᠡᠷ ᠤᠨ ᠣᠷᠳᠤᠨ ᠵᠡᠷᠭᠡ ᠭᠤᠷᠪᠠᠨ ᠵᠦᠴᠦᠭᠡ ᠶᠢᠨ ᠬᠦᠷᠢᠶᠡᠯᠡᠩ ᠬᠠᠷᠢᠶᠠᠯᠠᠭᠳᠠᠨ᠎ᠠ᠃ᠪᠠᠶᠢᠭᠤᠯᠤᠮᠵᠢ ᠶᠢᠨ ᠡᠷᠭᠡ ᠲᠤᠰᠢᠶᠠᠯ      ᠲᠠᠯ᠎ᠠ ᠨᠤᠲᠤᠭ ᠤᠨ ᠤᠨᠴᠠᠯᠢᠭ ᠲᠠᠢ ᠤᠷᠠᠯᠢᠭ ᠤᠨ ᠪᠦᠲᠦᠭᠡᠯ ᠢ ᠵᠤᠬᠢᠶᠠᠨ ᠪᠦᠲᠦᠭᠡᠨ ᠲᠤᠭᠯᠠᠵᠤ ᠳᠡᠯᠭᠡᠷᠡᠭᠦᠯᠵᠦ᠂ ᠪᠦᠵᠢᠭᠲᠦ ᠵᠦᠴᠦᠭᠡ᠂ ᠮᠣᠩᠭᠤᠯ ᠵᠦᠴᠦᠭᠡ᠂ ᠳᠠᠭᠤᠯᠠᠯᠲᠤ ᠵᠦᠴᠦᠭᠡ᠂ ᠨᠠᠶᠢᠷᠠᠯ ᠬᠦᠭᠵᠢᠮ᠂ ᠠᠷᠠᠳ ᠤᠨ ᠬᠦᠭᠵᠢᠮ᠂ ᠳᠠᠭᠤᠤ ᠪᠦᠵᠢᠭ᠂ ᠳᠠᠭᠤᠤᠷᠢᠯᠢᠭ᠂ ᠬᠤᠶᠠᠷ ᠬᠦᠮᠦᠨ ᠤ ᠡᠯᠭᠦᠴᠡᠭᠡ ᠵᠡᠷᠭᠡ ᠤᠷᠠᠯᠢᠭ ᠤᠨ ᠬᠡᠯᠪᠡᠷᠢ ᠶᠢ ᠬᠦᠭᠵᠢᠭᠦᠯᠵᠦ᠂ ᠤᠯᠤᠰ ᠪᠠ ᠦᠪᠡᠷᠲᠡᠭᠡᠨ ᠵᠠᠰᠠᠬᠤ ᠣᠷᠤᠨ ᠤ ᠴᠢᠬᠤᠯᠠ ᠶᠡᠭᠡ ᠤᠷᠠᠨ ᠰᠠᠶᠢᠬᠠᠨ ᠤ ᠠᠵᠢᠯᠯᠠᠭ᠎ᠠ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠲᠤᠭᠯᠠᠯᠲᠠ ᠪᠠ ᠭᠠᠳᠠᠭᠠᠲᠤ ᠲᠠᠢ ᠰᠣᠶᠣᠯ ᠤᠨ ᠰᠣᠯᠢᠯᠴᠠᠭ᠎ᠠ ᠬᠢᠬᠦ ᠡᠭᠦᠷᠭᠡ ᠶᠢ ᠭᠦᠢᠴᠡᠳᠭᠡᠵᠦ᠂ ᠤᠷᠠᠯᠢᠭ ᠤᠨ ᠵᠤᠬᠢᠶᠠᠨ ᠪᠦᠲᠦᠭᠡᠯᠭᠡ᠂ ᠲᠤᠭᠯᠠᠯᠲᠠ ᠶᠢᠨ ᠡᠵᠡᠩᠨᠡᠯᠲᠡ᠂ ᠲᠢᠶᠠᠲᠷ ᠤᠨ ᠬᠠᠮᠢᠶᠠᠷᠤᠯᠲᠠ᠂ ᠴᠢᠳᠠᠪᠦᠷᠢᠳᠠᠨ ᠢ ᠬᠦᠮᠦᠵᠢᠭᠦᠯᠬᠦ᠂ ᠪᠦᠵᠢᠭ ᠤᠨ ᠦᠢᠯᠡᠴᠢᠯᠡᠭᠡ ᠵᠡᠷᠭᠡ ᠲᠠᠯ᠎ᠠ ᠪᠠᠷ ᠳᠠᠭᠠᠭᠤᠯᠬᠤ ᠪᠠ ᠳᠠᠭᠤᠷᠢᠶᠠᠯ ᠤᠨ ᠦᠢᠯᠡᠳᠦᠯ ᠢ ᠪᠠᠳᠠᠷᠠᠭᠤᠯᠵᠤ ᠪᠠᠶᠢᠨ᠎ᠠ᠃      ᠬᠠᠷᠢᠭᠤᠴᠠᠯᠭᠠᠲᠠᠨ᠄ ᠯᠢ ᠯᠢ      ᠠᠯᠪᠠᠨ ᠤ ᠬᠠᠶ᠋ᠢᠭ᠄ ᠬᠦᠬᠡᠬᠤᠲᠠ ᠶᠢᠨ ᠰᠢᠨ᠎ᠡ ᠬᠤᠲᠠ ᠲᠤᠭᠤᠷᠢᠭ ᠤᠨ ᠪᠸᠢ ᠶᠣᠸᠠᠨ ᠵᠡᠬᠦᠨ ᠵᠡᠭᠡᠯᠢ ᠶᠢᠨ ᠬᠦᠬᠡ 16 ᠳ᠋ᠤᠭᠠᠷ ᠨᠤᠮᠧᠷ      ᠬᠠᠷᠢᠯᠴᠠᠬᠤ ᠤᠳᠠᠰᠤ᠄ 0471 — 3946380       ᠹᠠᠺᠰ᠄ 0471 — 3946380
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号