ᠦᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠨᠣᠮ ᠤᠨ ᠰᠠᠩ
ᠨᠡᠶᠢᠲᠡᠯᠡᠭᠰᠡᠨ ᠴᠠᠭ᠄
2019/8/5
ᠪᠠᠶᠢᠭᠤᠯᠭ᠎ᠠ ᠶᠢᠨ ᠪᠠᠶᠢᠷᠢᠯᠡᠯ᠄      ᠦᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠨᠣᠮ ᠤᠨ ᠰᠠᠩ ᠪᠣᠯ ᠦᠪᠣᠷ ᠮᠤᠩᠭᠤᠯ ᠤᠨ ᠰᠣᠶᠣᠯ ᠪᠠ  ᠵᠢᠭᠤᠴᠢᠯᠠᠯ ᠤᠨ ᠲᠢᠩᠬᠢᠮ ᠤᠨ ᠬᠠᠷᠢᠶᠠᠨ ᠤ ᠭᠠᠵᠠᠷ ᠤᠨ ᠲᠡᠰ ᠤᠨ ᠵᠡᠷᠭᠡᠯᠡᠯ ᠲᠠᠢ ᠠᠵᠢᠯ ᠦᠢᠯᠡᠰ  ᠤᠨ ᠪᠠᠶᠢᠭᠤᠯᠭ᠎ᠠ ᠶᠣᠮ᠃ ᠲᠣᠳᠣᠷ᠎ᠠ ᠪᠠᠨ ᠰᠢᠨᠵᠢᠯᠡᠬᠦ ᠮᠡᠷᠭᠡᠵᠢᠯ ᠤᠨ  ᠪᠠᠶᠢᠭᠤᠯᠣᠮᠵᠢ 12 ᠪᠠᠶᠢᠳᠠᠭ᠄      ᠠᠯᠪᠠᠨ ᠭᠡᠷ᠂ ᠡᠳ᠋ ᠤᠨ ᠶᠠᠪᠣᠳᠠᠯ ᠤᠨ ᠰᠠᠯᠠᠭ᠎ᠠ᠂ ᠪᠢᠴᠢᠭ ᠰᠣᠳᠣᠷ ᠬᠠᠮᠠᠭᠠᠯᠠᠬᠤ ᠬᠡᠯᠲᠡᠰ᠂ ᠰᠣᠷᠪᠣᠯᠵᠢᠯᠡᠨ ᠨᠠᠶᠢᠷᠠᠭᠤᠯᠬᠤ ᠬᠡᠯᠳᠡᠰ᠂ ᠣᠩᠰᠢᠯᠭ᠎ᠠ ᠶᠢᠨ ᠬᠡᠯᠲᠡᠰ᠂ ᠮᠤᠩᠭᠤᠯ ᠨᠣᠮ ᠤᠨ ᠬᠡᠯᠲᠡᠰ᠂ ᠵᠢᠭᠠᠨ ᠵᠢᠯᠣᠭᠤᠳᠬᠤ ᠬᠡᠯᠲᠡᠰ ᠂ ᠬᠤᠭᠤᠴᠠᠭᠠᠳᠦ ᠰᠡᠳᠭᠦᠯ ᠤᠨ ᠬᠡᠯᠲᠡᠰ᠂ ᠡᠯᠧᠺᠲᠷᠤᠨ  ᠲᠣᠤᠷ ᠰᠦᠯᠵᠢᠶ᠎ᠡ ᠶᠢᠨ ᠬᠡᠯᠲᠡᠰ᠂ ᠠᠰᠠᠭᠤᠨ ᠯᠠᠪᠯᠠᠬᠤ ᠬᠡᠯᠳᠡᠰ᠂ ᠦᠨᠳᠦᠰᠦᠲᠡᠨ ᠤ ᠣᠷᠣᠨ ᠨᠣᠳᠤᠭ ᠤᠨ ᠰᠣᠳᠣᠷ ᠪᠢᠴᠢᠭ ᠤᠨ ᠬᠡᠯᠲᠡᠰ᠂ ᠬᠡᠤᠬᠡᠳ ᠪᠠᠭᠠᠴᠣᠳ ᠤᠨ ᠬᠡᠯᠲᠡᠰ  ᠃ ᠲᠣᠬᠢᠷᠠᠭᠤᠯᠣᠭᠰᠠᠨ ᠠᠵᠢᠯ ᠦᠢᠯᠡᠰ ᠤᠨ  ᠠᠵᠢᠯᠲᠠᠨ 154 ᠨᠡᠷ᠎ᠡ ᠪᠠᠶᠢᠳᠠᠭ᠃                                        ᠪᠠᠶᠢᠭᠤᠯᠣᠮᠵᠢ ᠶᠢᠨ ᠠᠵᠢᠯ ᠲᠦᠷᠦᠯ     ᠨᠣᠮ ᠰᠣᠳᠣᠷ ᠪᠢᠴᠢᠭ ᠮᠠᠲ᠋ᠧᠷᠢᠶᠠᠯ ᠤᠨ ᠴᠤᠭᠯᠠᠭᠤᠯᠭ᠎ᠠ᠂  ᠬᠤᠪᠢᠶᠡᠷᠢᠯᠠᠯ᠂ ᠭᠠᠷᠴᠠᠭᠯᠠᠯ᠂  ᠬᠠᠳᠠᠭᠠᠯᠠᠯ᠂ ᠨᠣᠮ ᠰᠣᠳᠣᠷ  ᠪᠢᠴᠢᠭ ᠮᠠᠲ᠋ᠧᠷᠢᠶᠠᠯ ᠤᠨ ᠡᠬᠢ ᠪᠠᠶᠠᠯᠢᠭ ᠤᠨ ᠰᠣᠳᠣᠯᠣᠯ ᠪᠡ ᠬᠡᠷᠡᠭᠯᠡᠯ᠂ ᠨᠡᠶᠢᠬᠡᠮ ᠳᠤ ᠬᠠᠨᠳᠣᠭᠤᠯᠣᠨ ᠨᠡᠶᠢᠲᠡ ᠣᠯᠠᠨ ᠳᠤ ᠦᠨ᠎ᠡ ᠲᠦᠯᠦᠪᠦᠷᠢ ᠦᠭᠡᠢ ᠪᠠᠷ  ᠬᠠᠩᠭᠠᠨ  ᠣᠩᠰᠢᠭᠤᠯᠬᠤ᠂  ᠯᠠᠪᠯᠠᠭᠤᠯᠬᠤ᠂ ᠴᠢᠮᠡᠭᠡ ᠮᠡᠳᠡᠭᠡ᠂ ᠰᠣᠷᠠᠭ ᠵᠠᠩᠭᠢ ᠪᠣᠯᠣᠨ ᠳᠡᠯᠭᠡᠨ ᠦᠵᠡᠭᠦᠯᠦᠯᠭᠡ ᠶᠢᠨ ᠲᠠᠶᠢᠯᠣᠨ ᠬᠢᠴᠢᠶᠡᠯᠯᠡᠭᠡ ᠬᠢᠬᠦ᠂ ᠰᠣᠶᠣᠯ  ᠮᠡᠳᠡᠯᠭᠡ ᠶᠢ ᠣᠯᠠᠮᠵᠢᠯᠠᠨ ᠳᠡᠯᠭᠡᠷᠡᠭᠦᠯᠬᠦ᠂ ᠨᠡᠶᠢᠬᠡᠮ ᠤᠨ ᠰᠣᠷᠭᠠᠨ ᠬᠦᠮᠦᠵᠢᠯ ᠢ ᠦᠷᠨᠢᠭᠦᠯᠬᠦ  ᠵᠡᠷᠭᠡ ᠠᠵᠢᠯ ᠢ ᠳᠠᠭᠠᠭᠠᠴᠢᠯᠠᠨ ᠬᠢᠳᠡᠭ︔ ᠡᠷᠲᠡᠨ ᠤ ᠰᠣᠷᠪᠣᠯᠵᠢ ᠪᠢᠴᠢᠭ ᠢ ᠬᠠᠶᠢᠨ ᠪᠠᠶᠢᠴᠠᠭᠠᠬᠤ᠂ ᠴᠣᠭᠯᠠᠭᠤᠯᠬᠤ᠂ ᠡᠮᠬᠢᠳᠭᠡᠬᠦ᠂ ᠠᠪᠣᠷᠠᠬᠤ᠂ ᠰᠣᠳᠣᠯᠬᠤ ᠪᠠ ᠬᠠᠮᠠᠭᠠᠯᠠᠬᠤ ᠠᠵᠢᠯ ᠤᠳ ᠢ ᠵᠣᠬᠢᠶᠠᠨ ᠪᠠᠶᠢᠭᠤᠯᠣᠨ ᠦᠷᠨᠢᠭᠦᠯᠳᠡᠭ︔ ᠪᠦᠬᠦ ᠣᠷᠣᠨ ᠤ ᠡᠷᠲᠡᠨ ᠤ ᠰᠣᠷᠪᠣᠯᠵᠢ ᠪᠢᠴᠢᠭ ᠢ ᠬᠠᠮᠠᠭᠠᠯᠠᠬᠤ ᠠᠵᠢᠯ ᠢ ᠵᠢᠭᠠᠨ ᠵᠢᠯᠣᠭᠤᠳᠬᠤ ᠪᠠ ᠠᠵᠢᠯᠳᠠᠳ ᠢ ᠪᠣᠯᠪᠠᠰᠣᠷᠠᠭᠤᠯᠬᠤ ᠠᠵᠢᠯ ᠢ ᠳᠠᠭᠠᠭᠠᠴᠢᠯᠠᠨ ᠭᠦᠢᠴᠡᠳᠭᠡᠵᠣ᠂ ᠡᠷᠲᠡᠨ ᠤ ᠰᠣᠷᠪᠣᠯᠵᠢ ᠪᠢᠴᠢᠭ   ᠤᠨ ᠬᠠᠮᠠᠭᠠᠯᠠᠯᠲᠠ ᠶᠢᠨ ᠭᠠᠷᠴᠠᠭ ᠢ ᠨᠠᠶᠢᠷᠠᠭᠤᠯᠣᠨ  ᠲᠣᠭᠤᠷᠪᠢᠵᠣ᠂ ᠣᠳᠣᠬᠢᠴᠢᠯᠡᠭᠰᠡᠨ ᠰᠢᠨᠵᠢᠯᠡᠬᠦ ᠣᠬᠠᠭᠠᠨᠴᠢ ᠠᠷᠭ᠎ᠠ ᠪᠠᠷᠢᠯ ᠢᠶᠠᠷ ᠡᠷᠲᠡᠨ ᠤ ᠰᠣᠷᠪᠣᠯᠵᠢ ᠪᠢᠴᠢᠭ   ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠵᠢᠯ ᠢ ᠳᠠᠭᠠᠭᠠᠴᠢᠯᠠᠨ ᠪᠡᠶᠡᠯᠡᠭᠦᠯᠳᠡᠭ︔ ᠪᠦᠬᠦ ᠣᠷᠣᠨ ᠤ ᠰᠣᠶᠣᠯ ᠤᠨ ᠰᠣᠷᠠᠭ ᠵᠠᠩᠬᠢ ᠶᠢᠨ ᠡᠬᠢ ᠪᠠᠶᠠᠯᠢᠭ ᠢ ᠬᠠᠮᠳᠦ ᠪᠠᠷ ᠡᠳ᠋ᠯᠡᠬᠦ ᠢᠨᠵᠧᠨ᠋ᠷᠢᠩ ᠤᠨ ᠲᠣᠭᠠᠴᠠᠭᠠᠯᠠᠭᠰᠠᠨ ᠡᠬᠢ ᠪᠠᠶᠠᠯᠢᠭ ᠤᠨ ᠪᠦᠳᠦᠭᠡᠨ ᠪᠠᠶᠢᠭᠤᠯᠣᠯᠲᠠ ᠶᠢᠨ ᠡᠭᠦᠷᠭᠡ   ᠶᠢ ᠳᠠᠭᠠᠭᠠᠴᠢᠯᠠᠵᠣ᠂ ᠦᠨᠳᠦᠰᠦᠨ ᠱᠠᠳᠣᠨ ᠤ ᠰᠣᠶᠣᠯ ᠤᠨ ᠰᠣᠷᠠᠭ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ  ᠢᠨᠵᠧᠨ᠋ᠷᠢᠩ  ᠤᠨ ᠠᠵᠢᠯ ᠦᠢᠯᠡᠰ ᠤᠨ ᠪᠦᠳᠦᠭᠡᠨ ᠪᠠᠶᠢᠭᠤᠯᠣᠯᠲᠠ ᠶᠢ ᠵᠢᠭᠠᠨ ᠵᠢᠯᠣᠭᠤᠳᠴᠤ᠂ ᠣᠳᠣ ᠪᠠᠶᠢᠭ᠎ᠠ ᠪᠢᠴᠢᠭ ᠰᠣᠳᠣᠷ  ᠤᠨ ᠡᠬᠢ ᠪᠠᠶᠠᠯᠢᠭ ᠢ ᠨᠢᠭᠡᠳᠦᠯᠲᠡᠢ ᠲᠦᠯᠦᠪᠯᠡᠨ ᠠᠰᠢᠭᠯᠡᠵᠤ᠂ ᠨᠣᠮ ᠤᠨ ᠰᠠᠩ ᠤᠨ ᠲᠣᠭᠠᠴᠠᠭᠠᠯᠠᠭᠰᠠᠨ ᠪᠦᠳᠦᠭᠡᠨ ᠪᠠᠶᠢᠭᠤᠯᠣᠯᠲᠠ ᠶᠢ ᠠᠬᠢᠭᠤᠯᠵᠣ᠂ ᠡᠬᠢ ᠪᠠᠶᠠᠯᠢᠭ ᠢ ᠬᠠᠮᠳᠤ ᠪᠠᠷ ᠪᠠᠶᠢᠭᠤᠯᠵᠤ᠂ ᠬᠠᠮᠳᠣ ᠪᠠᠷ ᠡᠳ᠋ᠯᠡᠬᠦ ᠪᠠ ᠲᠣᠬᠢᠷᠡᠭᠤᠯᠣᠯᠲᠡ ᠶᠢ ᠰᠢᠯᠢᠳᠡᠭᠵᠢᠭᠦᠯᠬᠦ ᠶᠢ ᠪᠡᠶᠡᠯᠡᠭᠦᠯᠦᠨ᠂ ᠨᠤᠮ ᠤᠨ ᠰᠠᠩ ᠤᠨ ᠣᠬᠠᠭᠠᠨ ᠲᠠᠢ  ᠬᠠᠮᠢᠶᠠᠳᠠᠢ ᠰᠣᠳᠣᠯᠣᠯ ᠪᠠ ᠡᠷᠳᠡᠮ ᠰᠢᠨᠵᠢᠯᠡᠭᠡᠨ ᠤ ᠰᠣᠯᠢᠯᠴᠠᠭᠠᠨ ᠤ  ᠦᠢᠯᠡ ᠠᠵᠢᠯᠯᠠᠭᠠᠨ ᠢ ᠵᠣᠬᠢᠶᠠᠨ ᠪᠠᠶᠢᠭᠤᠯᠣᠨ ᠦᠷᠨᠢᠭᠦᠯᠳᠡᠭ᠃      ᠨᠣᠮ ᠤᠨ ᠰᠠᠩ ᠤᠨ ᠳᠠᠷᠤᠭ᠎ᠠ᠄ ᠯᠢ ᠰᠢᠶᠣᠤ ᠴᠢᠦ      ᠠᠯᠪᠠᠨ ᠭᠠᠵᠠᠷ᠄ ᠬᠦᠬᠡᠬᠤᠲᠠ ᠶᠢᠨ ᠰᠠᠶᠢᠬᠠᠨ ᠲᠣᠭᠤᠷᠢᠭ ᠤᠨ ᠣᠯᠠᠭᠠᠨᠴᠠᠪ ᠪᠠᠷᠠᠭᠤᠨ ᠵᠡᠭᠡᠯᠢ ᠶᠢᠨ 34  ᠳ᠋ᠣᠭᠡᠷ ᠨᠣᠮᠧᠷ᠂  ᠬᠠᠷᠢᠯᠴᠠᠬᠤ ᠣᠲᠠᠰᠣ᠄  0471— 6293192      ᠹᠠᠺᠰ᠄ 0471 — 6293224
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号