ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠦᠵᠡᠰᠭᠦᠯᠡᠩ ᠤᠨ ᠤᠷᠲᠤᠨ
ᠨᠡᠶᠢᠲᠡᠯᠡᠭᠰᠡᠨ ᠴᠠᠭ᠄
2019/8/5

ᠪᠠᠶᠢᠭᠤᠯᠭ᠎ᠠ ᠶᠢᠨ ᠲᠤᠭᠢᠷᠠᠭᠤᠯᠤᠯᠳᠠ  ᠄

     ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠦᠵᠡᠰᠭᠦᠯᠡᠩ ᠤᠨ ᠤᠷᠳᠤᠨ ᠪᠤᠯ ᠦᠪᠡᠷᠲᠡᠭᠡᠨ

ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ ᠤᠨ ᠲᠢᠩᠬᠢᠮ ᠤᠨ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ

ᠶᠤᠮ᠃ ᠨᠡᠶᠢᠲᠡ ᠶᠢᠨ ᠠᠰᠠᠷᠠᠮᠵᠢ ᠶᠢᠨ ᠬᠤᠶᠠᠳᠤᠭᠠᠷ ᠲᠦᠷᠦᠯ ᠤᠨ ᠪᠦᠬᠦᠶᠢᠯᠡ ᠤᠷᠤᠨ ᠲᠤᠭ᠎ᠠ ᠪᠠᠷ ᠤᠯᠤᠰ ᠠᠴᠠ

ᠮᠦᠩᠬᠦ ᠬᠠᠩᠭᠠᠬᠤ ᠰᠤᠶᠤᠯ ᠤᠨ ᠠᠵᠢᠯ ᠦᠢᠯᠡᠰ ᠤᠨ ᠨᠢᠭᠡᠴᠢ ᠪᠤᠯᠤᠨ᠎ᠠ᠃

ᠤᠳᠤᠬᠠᠨ ᠳᠤ ᠲᠤᠳᠤᠭᠠᠲᠤ   ᠳᠤ ᠪᠠᠨ᠄ ᠠᠯᠪᠠᠨ ᠭᠡᠷ᠂ ᠡᠳ᠋ ᠤᠨ ᠶᠠᠪᠤᠳᠠᠯ ᠤᠨ ᠰᠠᠯᠠᠭ᠎ᠠ  ᠂  ᠠᠮᠤᠷ ᠢ

ᠬᠠᠮᠠᠭᠠᠯᠠᠬᠤ ᠰᠠᠯᠠᠭ᠎ᠠ  ᠂  ᠠᠳᠠᠯ ᠠᠬᠤᠢ ᠶᠢᠨ ᠬᠡᠯᠳᠡᠰ᠂ ᠦᠵᠡᠰᠭᠦᠯᠡᠩ ᠤᠨ ᠵᠢᠷᠤᠭ ᠲᠦᠯᠦᠪᠯᠡᠭᠡ ᠶᠢᠨ ᠬᠡᠯᠳᠡᠰ ︵

ᠦᠵᠡᠮᠦᠷᠢ ᠶᠢᠨ ᠬᠠᠮᠢᠶᠠᠷᠤᠯᠳᠠ ᠶᠢᠨ ᠬᠡᠯᠳᠡᠰ︶  ᠂ ᠦᠵᠡᠰᠭᠦᠯᠡᠩ ᠤᠨ ᠬᠦᠭᠵᠢᠯᠲᠡ ᠶᠢ ᠰᠤᠳᠤᠯᠬᠤ ᠬᠡᠯᠳᠡᠰ᠂

ᠳᠡᠯᠭᠡᠨ ᠪᠤᠷᠤᠯᠠᠭᠤᠯᠬᠤ ᠢᠨᠵᠧᠨᠧᠷᠢᠩ ᠤᠨ ᠬᠡᠯᠳᠡᠰ᠂ ᠦᠵᠡᠰᠭᠦᠯᠡᠩ ᠬᠦᠯᠢᠶᠡᠨ ᠠᠪᠬᠤ ᠬᠡᠯᠳᠡᠰ᠂ ᠦᠵᠡᠰᠭᠦᠯᠡᠩ

 ᠤᠨ ᠮᠠᠲ᠋ᠧᠷᠢᠶᠠᠯ  ᠂  ᠮᠡᠳᠡᠭᠡ ᠵᠠᠩᠭᠢ ᠶᠢᠨ ᠬᠡᠯᠳᠡᠰ ᠵᠡᠷᠭᠡ ᠶᠢᠰᠤᠨ ᠰᠠᠯᠠᠭ᠎ᠠ ᠮᠦᠴᠢᠷ ᠪᠠᠶᠢᠨ᠎ᠠ  ᠃

     2008 ᠤᠨ ᠤ ᠵᠢᠯ ᠤᠨ ᠲᠤᠤᠷ᠎ᠠ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠬᠠᠭᠤᠯᠬᠤ

ᠬᠡᠯᠳᠡᠰ ᠠᠴᠠ ︽ᠪᠦᠬᠦ ᠤᠷᠤᠨ ᠤ ᠡᠬᠡ ᠤᠷᠤᠨᠴᠢ ᠦᠵᠡᠯ ᠤᠨ ᠬᠦᠮᠦᠵᠢᠯ ᠤᠨ ᠵᠢᠱᠢᠶᠡᠴᠢ ᠰᠠᠭᠤᠷᠢᠨ ᠭᠠᠵᠠᠷ︾

ᠬᠡᠵᠤ ᠨᠡᠷᠡᠶᠢᠳᠪᠡ᠃ 2015 ᠤᠨ ᠳᠤ ᠦᠪᠡᠷᠲᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ

 ᠤᠨ ᠨᠡᠶᠢᠭᠡᠮᠯᠢᠭ᠂ ᠤᠶᠤᠨ ᠤ ᠪᠤᠯᠪᠠᠰᠤᠨ ᠤ ᠠᠯᠪᠠᠨ ᠭᠡᠷ᠂ ᠡᠪᠯᠡᠯ ᠤᠨ ᠬᠤᠷᠢᠶ᠎ᠠ᠂ ᠰᠤᠷᠭᠠᠨ ᠬᠦᠮᠦᠵᠢᠯ ᠤᠨ

ᠲᠢᠩᠬᠢᠮ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ︽ᠦᠪᠦᠷ ᠮᠤᠩᠭᠤᠯ ᠤᠨ ᠦᠪᠡᠷᠲᠡᠭᠡᠨ ᠵᠠᠰᠠᠬᠤ

ᠤᠷᠤᠨ ᠤ ᠵᠠᠯᠠᠭᠤ ᠪᠠᠭᠠᠴᠤᠳ ᠤᠨ ᠰᠢᠨᠵᠢᠯᠡᠬᠦ ᠤᠬᠠᠭᠠᠨ ᠰᠤᠷᠭᠠᠨ ᠬᠦᠮᠦᠵᠢᠯ ᠤᠨ ᠵᠢᠱᠢᠶᠡᠴᠢ ᠰᠠᠭᠤᠷᠢᠨ ᠭᠠᠵᠠᠷ︾

 ᠪᠠᠷ   ᠰᠤᠩᠭᠤᠭᠳᠠᠪᠠ᠃ 2004 ᠤᠨ ᠳᠤ ᠤᠯᠤᠰ ᠤᠨ ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ

ᠭᠠᠳᠠᠭᠠᠳᠤ ︵ᠬᠢᠯᠢ︶ ᠳᠤ ᠭᠠᠷᠴᠤ  ᠦᠵᠡᠰᠭᠦᠯᠡᠩ ᠭᠤᠤᠯᠯᠠᠨ ᠡᠷᠬᠢᠯᠡᠬᠦ ᠪᠠᠶᠢᠭᠤᠯᠭ᠎ᠠ ᠶᠢᠨ ᠡᠷᠬᠡ ᠶᠢ ᠤᠯᠭᠤᠵᠤ᠂

ᠦᠪᠡᠷᠲᠡᠭᠡᠨ ᠵᠠᠰᠠᠬᠤ ᠤᠷᠤᠨ ᠤ ᠬᠡᠪᠴᠢᠶᠡᠨ ᠳᠤ  ᠤᠯᠤᠰ ᠤᠨ ᠭᠠᠳᠠᠭᠠᠲᠤ ᠳᠤ ᠦᠵᠡᠰᠭᠦᠯᠡᠩ ᠬᠢᠬᠦ ᠬᠢᠷᠢ ᠭᠡᠮ

 ᠲᠠᠢ ᠴᠤᠷ ᠤᠨ ᠭᠠᠭᠴᠠ ᠪᠠᠶᠢᠭᠤᠯᠭ᠎ᠠ  ᠪᠤᠯᠪᠠ᠃2008 ᠤᠨ ᠳᠤ ᠲᠤᠮᠳᠠᠲᠤ ᠤᠯᠤᠰ ᠤᠨ ᠦᠵᠡᠰᠭᠦᠯᠡᠩ ᠤᠨ

ᠦᠢᠯᠡᠰ ᠤᠨ ᠬᠤᠶᠠᠳᠤᠭᠠᠷ ᠳᠡᠰ ᠤᠨ ᠦᠵᠡᠰᠭᠦᠯᠡᠩ ‍ᠤᠨ‌‍ᠪᠠᠷᠢᠯᠭ᠎ᠠ ᠪᠠᠷᠢᠬᠤ ᠬᠢᠷᠢ ᠭᠡᠮ ᠢ ᠤᠯᠪᠠ  ᠃ ᠤᠤᠯ ᠳᠤ

 ᠪᠠᠨ ᠪᠦᠬᠦ ᠤᠯᠤᠰ ᠤᠨ ᠰᠤᠶᠤᠯ ᠤᠨ ᠠᠵᠢᠯ ᠤᠨ ᠲᠡᠷᠢᠭᠦᠨ ᠤ ᠨᠢᠭᠡᠴᠢ᠂ ᠪᠦᠬᠦ ᠤᠷᠤᠨ ᠤ ᠰᠤᠶᠤᠯ ᠤᠨ ᠰᠢᠰᠲ᠋ᠧᠮ

 ᠤᠨ ᠲᠡᠷᠢᠭᠦᠨ ᠤ ᠨᠢᠭᠡᠴᠢ ᠶᠢᠨ ᠢᠷᠠᠭᠤ ᠠᠯᠳᠠᠷ ᠤᠨ ᠴᠤᠯᠠ ᠶᠢ ᠬᠦᠷᠲᠡᠨ᠂ ᠦᠵᠡᠰᠭᠦᠯᠡᠩ ᠨᠢ ᠤᠯᠤᠰ ᠪᠠ ᠮᠤᠵᠢ

 ᠶᠢᠨ ᠳᠡᠰ ᠤᠨ ᠱᠠᠩᠨᠠᠯ ᠢ ᠤᠯᠠᠨᠳᠠ ᠬᠦᠷᠳᠡᠭᠰᠡᠨ ᠪᠠᠶᠢᠳᠠᠭ  ᠃

ᠪᠠᠶᠢᠭᠤᠯᠤᠮᠵᠢ ᠶᠢᠨ ᠡᠭᠦᠷᠬᠡ ᠴᠢᠳᠠᠪᠬᠢ  ᠄

     ᠦᠪᠡᠷᠲᠡᠭᠡᠨ ᠵᠠᠰᠠᠬᠤ ᠤᠷᠤᠨ ᠤ ᠡᠯ᠎ᠡ ᠳᠠᠯ᠎ᠠ ᠶᠢᠨ ᠠᠮᠵᠢᠯᠲᠠ ᠪᠦᠲᠦᠮᠵᠢ ᠵᠢᠨ‌ᠦᠵᠡᠰᠭᠦᠯᠡᠩ ᠤᠨ ᠴᠤᠩᠬᠤ᠂

ᠨᠡᠶᠢᠲᠡ ᠶᠢᠨ ᠠᠰᠠᠷᠠᠮᠵᠢ ᠶᠢᠨ ᠴᠢᠨᠠᠷ ᠲᠠᠢ ᠦᠵᠡᠰᠭᠦᠯᠡᠩ ᠤᠨ ᠭᠤᠤᠯᠯᠠᠭᠴᠢ ᠳᠠᠯᠠᠪᠤᠷ᠂ ᠲᠠᠯ᠎ᠠ ᠨᠤᠲᠤᠭ ᠤᠨ

ᠰᠤᠶᠤᠯ ᠤᠨ ᠪᠦᠲᠦᠭᠡᠯᠴᠢ ᠲᠦᠯᠦᠪᠯᠡᠭᠡ ᠪᠠ ᠪᠦᠲᠦᠭᠡᠯᠴᠢ ᠦᠢᠯᠡᠳᠭᠦᠨ ᠤ ᠦᠵᠡᠰᠭᠦᠯᠡᠩ ‍ᠤᠨ‌‍ᠲ᠋ᠠᠪᠴᠠᠩ᠃ ᠨᠡᠶᠢᠲᠡ

 ᠶᠢᠨ ᠠᠰᠠᠷᠠᠮᠵᠢ ᠶᠢᠨ ᠴᠢᠨᠠᠷ ᠲᠠᠢ ᠲᠤᠮᠤ ᠦᠵᠡᠰᠭᠦᠯᠡᠩ ᠢ ᠵᠤᠬᠢᠶᠠᠨ ᠪᠠᠶᠢᠭᠤᠯᠬᠤ᠂ ᠤᠬᠠᠭᠤᠯᠬᠤ᠂ ᠰᠡᠲᠤᠬᠦ᠂

ᠲᠦᠯᠦᠪᠯᠡᠬᠦ᠂ ᠦᠵᠡᠰᠭᠦᠯᠡᠩ ᠵᠠᠰᠠᠬᠤ ᠠᠵᠢᠯ᠂ ᠡᠯ᠎ᠡ ᠶᠠᠩᠵᠤ ᠶᠢᠨ ᠲᠤᠰᠬᠠᠢ ᠰᠡᠲᠤᠪᠲᠤ ᠦᠵᠡᠰᠭᠦᠯᠡᠩ  ᠢ ᠡᠷᠬᠢᠯᠡᠬᠦ

᠂ ᠨᠡᠶᠢᠭᠡᠮ ᠨᠡᠶᠢᠲᠡ ᠳᠤ ᠦᠵᠡᠰᠭᠦᠯᠡᠩ ᠤᠨ ᠦᠢᠯᠡᠴᠢᠯᠡᠭᠡᠨ ᠬᠠᠩᠭᠠᠬᠤ᠂ ᠰᠤᠶᠤᠯ ᠤᠨ ᠬᠠᠮ ᠦᠵᠡᠰᠭᠦᠯᠡᠩ ᠤᠨ

ᠤᠨᠤᠯ ᠤᠨ ᠰᠤᠳᠤᠯᠭᠠᠨ ᠪᠠ ᠡᠷᠳᠡᠮ ᠰᠢᠨᠵᠢᠯᠡᠭᠡᠨ ᠤ ᠰᠤᠯᠢᠯᠴᠠᠭ᠎ᠠ ᠶᠢᠨ ᠬᠦᠳᠡᠯᠭᠡᠭᠡᠨ ᠢ ᠵᠤᠬᠢᠶᠠᠨ ᠪᠠᠶᠢᠭᠤᠯᠵᠤ

ᠦᠷᠨᠢᠭᠦᠯᠦᠨ᠎ᠡ  ᠃ ᠡᠭᠦᠨ ᠠᠴᠠ ᠭᠠᠳᠠᠨ᠎ᠠ  ᠂ ᠦᠪᠦᠷ ᠮᠤᠩᠭᠤᠯ ᠤᠷᠤᠨ ᠤ ᠬᠠᠳᠠᠨ ᠵᠢᠷᠤᠭ᠂ ᠬᠠᠨ᠎ᠠ ᠶᠢᠨ ᠵᠢᠷᠤᠭ

᠂ ᠬᠦᠰᠢᠶ᠎ᠡ ᠰᠡᠶᠢᠯᠦᠮᠡᠯ᠂ ᠦᠨᠳᠤᠰᠤᠲᠡᠨ ᠤ ᠬᠡ ᠤᠭᠠᠯᠵᠠ ᠵᠡᠷᠭᠡ ᠶᠢ ᠴᠤᠭᠯᠠᠭᠤᠯᠬᠤ᠂ ᠬᠠᠮᠠᠭᠠᠯᠠᠬᠤ᠂ ᠬᠠᠮᠢᠶᠠᠷᠬᠤ᠂

ᠬᠠᠳᠠᠭᠠᠯᠠᠬᠤ᠂ ᠲᠡᠯᠭᠡᠨ ᠦᠵᠡᠭᠦᠯᠭᠦ  ᠠᠵᠢᠯ ᠢ ᠬᠠᠷᠢᠭᠤᠴᠠᠳᠠᠭ᠃

    ᠤᠷᠳᠤᠨ ᠤ ᠳᠠᠷᠤᠭ᠎ᠠ  ᠄  ᠸᠠᠩ  ᠱᠢ  ᠶᠢᠩ

    ᠬᠠᠶ᠋ᠢᠭ᠄  ᠬᠦᠬᠡᠬᠤᠲᠠ ᠶᠢᠨ ᠰᠢᠨᠬᠤᠸᠠ ᠵᠡᠭᠦᠨ ᠵᠡᠭᠡᠯᠢ ᠶᠢᠨ48 ᠳ᠋ᠤᠭᠠᠷ ᠨᠤᠮᠧᠷ

    ᠬᠠᠷᠢᠯᠴᠠᠬᠤ ᠤᠳᠠᠰᠤ  ᠄ 0471 —4951415

    ᠹᠠᠺᠰ  ᠄ 0471 —4951415

 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号