ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠶᠤᠯ ᠤᠨ ᠤᠷᠳᠤᠨ
ᠨᠡᠶᠢᠲᠡᠯᠡᠭᠰᠡᠨ ᠴᠠᠭ᠄
2019/8/5
ᠪᠠᠶᠢᠭᠤᠯᠭ᠎ᠠ ᠶᠢᠨ ᠲᠤᠬᠢᠷᠠᠭᠤᠯᠤᠯᠳᠠ᠄      ᠦᠪᠦᠷ ᠮᠤᠩᠭᠤᠯ ᠤᠨ ᠦᠪᠡᠷᠲᠡᠭᠡᠨ ᠵᠰᠠᠬᠤ ᠤᠷᠤᠨ ᠤ ᠰᠤᠶᠤᠯ ᠤᠨ ᠤᠷᠳᠤᠨ ᠪᠤᠯ ᠦᠪᠡᠷᠲᠡᠭᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ ᠤᠨ ᠲᠢᠩᠬᠢᠮ ᠳᠤ ᠬᠠᠷᠢᠶᠠᠯᠠᠭᠳᠠᠬᠤ ᠭᠠᠵᠠᠷ  ᠤᠨ ᠳᠡᠰ ᠤᠨ ᠠᠵᠢᠯ ᠦᠢᠯᠡᠰ ᠤᠨ ᠨᠢᠭᠡᠴᠡ ᠶᠤᠮ᠃  ᠲᠤᠳᠤᠭᠠᠲᠤ ᠳᠤ ᠪᠠᠨ᠄  ᠠᠯᠪᠠᠨ ᠭᠡᠷ᠂  ᠤᠳᠬ᠎ᠠ ᠤᠷᠠᠯᠢᠭ ᠤᠨ ᠬᠡᠯᠳᠡᠰ᠂ ᠤᠷᠠᠨ ᠵᠢᠷᠤᠭ᠂ ᠰᠡᠭᠦᠳᠡᠷᠯᠡᠬᠦ ᠬᠡᠯᠳᠡᠰ᠂ ᠢᠳᠡᠷ ᠨᠠᠰᠤᠳᠠᠶᠢᠴᠤᠳ ᠤᠨ ᠬᠦᠳᠡᠯᠬᠡᠬᠡᠨ ᠤ ᠬᠡᠯᠳᠡᠰ᠂ ︽ᠬᠤᠨ ᠭᠠᠯᠠᠭᠤ ︾ ᠨᠠᠶᠢᠷᠠᠭᠤᠯᠬᠤ ᠬᠡᠯᠳᠡᠰ᠂ ᠪᠠᠶᠢᠴᠠᠭᠠᠨ ᠰᠤᠳᠤᠯᠬᠤ ᠬᠡᠯᠳᠡᠰ ᠵᠡᠷᠭᠡ ᠵᠢᠷᠭᠤᠭᠠᠨ ᠰᠠᠯᠠᠭᠠᠨ ᠳᠡᠰ  ᠤᠨ ᠪᠠᠶᠢᠭᠤᠯᠤᠮᠵᠢ ᠪᠠᠶᠢᠵᠤ᠂  ᠬᠢᠨᠠᠨ ᠲᠤᠭᠳᠠᠭᠠᠭᠰᠠᠨ ᠠᠵᠢᠯ ᠦᠢᠯᠡᠰ ᠤᠨ ᠤᠷᠤᠨ ᠲᠤᠭ᠎ᠠ 49 ᠨᠡᠷ᠎ᠡ ᠪᠤᠢ᠃ᠪᠠᠶᠢᠭᠤᠯᠤᠮᠵᠢ ᠶᠢᠨ ᠴᠢᠳᠠᠪᠬᠢ᠄      ᠤᠳᠤᠷᠢᠳᠤᠮᠵᠢ ᠶᠢᠨ ᠴᠢᠨᠠᠷ᠂ ᠦᠯᠢᠭᠡᠷ ᠳᠠᠭᠤᠷᠢᠶᠠᠯᠲᠤ ᠴᠢᠨᠠᠷ᠂  ᠨᠡᠶᠢᠲᠡ ᠶᠢᠨ ᠠᠰᠠᠷᠠᠮᠵᠢ  ᠶᠢᠨ ᠴᠢᠨᠠᠷᠲᠠᠢ ᠤᠯᠠᠨ ᠨᠡᠶᠢᠲᠡ ᠶᠢᠨ ᠰᠤᠶᠤᠯ ᠤᠷᠠᠯᠢᠭ ᠤᠨ ᠬᠦᠳᠡᠯᠭᠡᠭᠡᠨ ᠢ ᠵᠤᠬᠢᠶᠠᠨ ᠪᠠᠶᠢᠭᠤᠯᠬᠤ᠂ ᠨᠡᠶᠢᠭᠡᠮ ᠨᠡᠶᠢᠲᠡ  ᠳᠤ ᠡᠯ᠎ᠡ ᠵᠦᠢᠯ ᠤᠨ ᠡᠷᠡᠭᠦᠯ ᠰᠠᠷᠠᠭᠤᠯ᠂ ᠠᠰᠢᠭ ᠲᠤᠰᠠ ᠲᠠᠢ ᠨᠡᠶᠢᠲᠡ ᠶᠢᠨ ᠰᠤᠶᠤᠯ ᠦᠢᠯᠡᠴᠢᠯᠡᠭᠡ ᠬᠠᠩᠭᠠᠬᠤ᠂ ᠡᠯ᠎ᠡ ᠲᠦᠷᠦᠯ ᠤᠨ ᠤᠷᠠᠯᠢᠭ  ᠤᠨ ᠭᠤᠤᠯᠯᠠᠭᠴᠢ ᠬᠦᠴᠦᠨ ᠢ  ᠬᠦᠮᠦᠵᠢᠭᠦᠯᠭᠦ᠂ ᠤᠯᠠᠨ ᠲᠦᠮᠡᠨ ᠤ ᠤᠷᠠᠯᠢᠭ ᠤᠨ ᠨᠡᠶᠢᠭᠡᠮ ᠤᠨ ᠤᠳᠬ᠎ᠠ ᠤᠷᠠᠯᠢᠭ  ᠤᠨ ᠪᠦᠯᠬᠦᠮ ᠢ ᠵᠢᠯᠦᠭᠤᠳᠤᠨ ᠪᠤᠯᠪᠠᠰᠤᠷᠠᠭᠤᠯᠬᠤ᠂ ᠤᠯᠠᠨ ᠲᠦᠮᠡᠨ  ᠤ ᠰᠤᠶᠤᠯ  ᠤᠨ ᠰᠤᠯᠢᠯᠴᠠᠭ᠎ᠠ  ᠶᠢ ᠭᠠᠳᠠᠭᠰᠢ ᠪᠠᠨ ᠦᠷᠨᠢᠭᠦᠯᠬᠦ᠂ ᠤᠯᠠᠨ ᠲᠦᠮᠡᠨ ᠤ ᠰᠤᠶᠤᠯ  ᠤᠨ ᠤᠨᠤᠯ ᠢ ᠰᠤᠳᠤᠯᠬᠤ᠂  ᠴᠤᠭᠯᠠᠭᠤᠯᠬᠤ᠂ ᠲᠢᠭᠯᠡᠬᠦ᠂ ᠦᠨᠳᠦᠰᠦᠲᠡᠨ ᠤ ᠰᠢᠯᠢᠳᠡᠭ ᠠᠷᠠᠳ ᠤᠨ ᠰᠤᠶᠤᠯ ᠤᠷᠠᠯᠢᠭ ᠢ ᠵᠤᠬᠢᠶᠠᠨ ᠪᠠᠶᠢᠭᠤᠯᠵᠤ ᠦᠷᠨᠢᠭᠦᠯᠭᠦ᠂  ᠦᠨᠳᠦᠰᠦᠨ ᠱᠠᠲᠤᠨ  ᠤ  ᠤᠯᠠᠨ ᠲᠦᠮᠡᠨ  ᠤ ᠤᠷᠠᠯᠢᠭ ‍ᠤᠨ‌ᠤᠷᠳᠤᠨ᠂ ᠰᠤᠶᠤᠯ  ᠤᠨ ᠤᠷᠳᠤᠨ ︵ᠦᠷᠲᠡᠭᠡ︶ ᠳᠤ  ᠤᠯᠠᠨ ᠨᠡᠶᠢᠲᠡ ᠶᠢᠨ ᠰᠤᠶᠤᠯ ᠤᠷᠠᠯᠢᠭ ᠤᠨ ᠠᠵᠢᠯᠯᠠᠭᠠᠨ ᠶᠠᠪᠤᠭᠳᠠᠭᠤᠯᠬᠤ ᠶᠢ ᠵᠢᠭᠠᠨ ᠵᠢᠯᠤᠭᠤᠳᠤᠨ᠎ᠠ᠃       ᠤᠷᠳᠤᠨ ᠤ ᠳᠠᠷᠤᠭ᠎ᠠ᠄ ᠹᠦ᠋ ᠶᠥᠩ ᠵᠢᠶᠦ᠋ᠨ       ᠬᠠᠶ᠋ᠢᠭ᠄ ᠬᠦᠬᠡᠬᠤᠳᠠ ᠶᠢᠨ ᠰᠢᠯᠢ ᠶᠢᠨ ᠬᠤᠶᠢᠲᠤ ᠵᠠᠮ ᠤᠨ 97 ᠳ᠋ᠤᠭᠠᠷ ᠨᠤᠮᠧᠷ       ᠬᠠᠷᠢᠯᠴᠠᠬᠤ ᠤᠳᠠᠰᠤ᠄ 0471—6968768
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号