ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠷᠠᠯᠢᠭ ᠤᠨ ᠰᠤᠳᠤᠯᠭᠠᠨ ᠤ ᠬᠦᠷᠢᠶᠡᠯᠡᠩ
ᠨᠡᠶᠢᠲᠡᠯᠡᠭᠰᠡᠨ ᠴᠠᠭ᠄
2019/8/5
ᠪᠠᠶᠢᠭᠤᠯᠭ᠎ᠠ ᠶᠢᠨ ᠲᠤᠬᠢᠷᠠᠭᠤᠯᠤᠯᠳᠠ  ᠄      ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠷᠠᠯᠢᠭ ᠤᠨ ᠰᠤᠳᠤᠯᠭᠠᠨ ᠤ ᠬᠦᠷᠢᠶᠡᠯᠡᠩ ᠪᠤᠯ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ ᠤᠨ ᠲᠢᠩᠬᠢᠮ ᠳᠤ ᠬᠠᠷᠢᠶᠠᠯᠠᠭᠳᠠᠬᠤ ᠭᠠᠵᠠᠷ ᠤᠨ ᠳᠡᠰ ᠤᠨ ᠠᠵᠢᠯ ᠦᠢᠯᠡᠰ ᠤᠨ ᠨᠢᠭᠡᠴᠢ ᠶᠤᠮ᠃ ᠲᠤᠲᠤᠭᠠᠲᠤ ᠳᠤ ᠪᠠᠨ᠄ ᠠᠯᠪᠠᠨ ᠭᠡᠷ᠂ ︽ᠦᠪᠦᠷ ᠮᠤᠩᠭᠤᠯ ᠤᠷᠠᠯᠢᠭ︾ ᠬᠢᠳᠠᠳ ᠬᠡᠯᠡᠨ ᠤ ᠨᠠᠶᠢᠷᠠᠭᠤᠯᠬᠤ ᠬᠡᠯᠳᠡᠰ᠂ ︽ᠦᠪᠦᠷ ᠮᠤᠩᠭᠤᠯ ᠤᠷᠠᠯᠢᠭ ︾ ᠮᠤᠩᠭᠤᠯ ᠬᠡᠯᠡᠨ ᠤ ᠨᠠᠶᠢᠷᠠᠭᠤᠯᠬᠤ ᠬᠡᠯᠳᠡᠰ᠂ ᠰᠤᠶᠤᠯ ᠤᠷᠠᠯᠢᠭ ᠤᠨ ᠳᠠᠩᠰᠠ ᠮᠠᠲ᠋ᠧᠷᠢᠶᠠᠯ ᠤᠨ ᠲᠦᠪ᠂ ᠳ᠋ᠠᠶᠢᠲ᠋ᠠ ᠬᠦᠮᠦᠷᠭᠡ ᠶᠢᠨ ᠮᠠᠲ᠋ᠧᠷᠢᠶᠠᠯ ᠤᠨ ᠲᠦᠪ᠂ ᠲᠠᠶᠢᠰᠠ ᠶᠢᠨ ᠤᠷᠠᠯᠢᠭ ᠤᠨ ᠰᠤᠳᠤᠯᠭᠠᠨ ᠤ  ᠲᠠᠰᠤᠭ᠂ ᠪᠤᠳᠠᠰ ᠤᠨ ᠪᠤᠰᠤ ᠰᠤᠶᠤᠯ ᠤᠨ ᠦᠪ ᠤᠨ ᠬᠠᠮᠠᠭᠠᠯᠠᠯᠳᠠ ᠶᠢᠨ ᠰᠤᠳᠤᠯᠭᠠᠨ ᠤ ᠲᠠᠰᠤᠭ ᠵᠡᠷᠭᠡ ᠲᠤᠯᠤᠭᠠᠨ ᠰᠠᠯᠠᠭᠠᠨ ᠳᠡᠰ ᠤᠨ ᠪᠠᠶᠢᠭᠤᠯᠤᠮᠵᠢ ᠲᠠᠢ᠃ ᠬᠢᠨᠠᠨ ᠲᠤᠭᠳᠠᠭᠠᠭᠰᠠᠨ ᠤᠷᠤᠨ ᠲᠤᠭ᠎ᠠ 38 ᠨᠡᠷ᠎ᠡ᠃ᠪᠠᠶᠢᠭᠤᠯᠤᠮᠵᠢ ᠶᠢᠨ ᠡᠭᠦᠷᠭᠡ ᠴᠢᠳᠠᠪᠬᠢ᠄      ᠦᠨᠳᠦᠰᠦᠲᠡᠨ ᠤ ᠠᠷᠠᠳ ᠤᠨ ᠤᠷᠠᠯᠢᠭ ᠤᠨ ᠰᠢᠨᠵᠢᠯᠡᠬᠦ ᠤᠬᠠᠭᠠᠨᠴᠢ ᠰᠠᠭᠤᠷᠢ ᠤᠨᠤᠯ ᠪᠠ ᠬᠡᠷᠡᠭᠯᠡᠭᠡᠨ ᠤ ᠤᠨᠤᠯ ᠤᠨ ᠰᠤᠳᠤᠯᠭᠠᠨ ᠢ ᠦᠷᠨᠢᠭᠦᠯᠦᠨ᠂ ᠤᠷᠠᠯᠢᠭ ᠤᠨ ᠤᠨᠤᠯ ᠤᠨ ᠶᠠᠷᠢᠯᠴᠠᠨ ᠰᠤᠳᠤᠯᠬᠤ ᠬᠤᠷᠠᠯ ᠢ ᠵᠤᠬᠢᠶᠠᠨ ᠪᠠᠶᠢᠭᠤᠯᠵᠤ᠂ ᠰᠤᠶᠤᠯ ᠤᠷᠠᠯᠢᠭ ᠤᠨ ᠬᠦᠭᠵᠢᠯᠲᠡ ᠶᠢᠨ ᠵᠢᠮ᠎ᠡ ᠬᠠᠤᠯᠢ ᠶᠢ ᠰᠦᠪᠡᠭᠴᠢᠯᠡᠨ᠂ ᠦᠨᠲᠦᠰᠦᠲᠡᠨ ᠤ ᠠᠷᠠᠳ ᠤᠨ ᠰᠤᠶᠤᠯ ᠤᠷᠠᠯᠢᠭ ᠤᠨ ᠡᠬᠢ ᠪᠠᠶᠠᠯᠢᠭ ᠢ ᠴᠤᠭᠯᠠᠭᠤᠯᠬᠤ᠂ ᠲᠢᠭᠯᠡᠬᠦ᠂ ᠬᠠᠮᠠᠭᠠᠯᠠᠬᠤ᠂ ᠰᠤᠳᠤᠯᠬᠤ ᠵᠢᠴᠢ ᠨᠡᠬᠡᠭᠡᠬᠦ᠂ ᠤᠰᠠᠳᠬᠤ ᠰᠢᠬᠠᠭᠰᠠᠨ ᠦᠨᠲᠦᠰᠦᠲᠡᠨ ᠤ ᠠᠷᠠᠳ ᠤᠨ ᠰᠤᠶᠤᠯ ᠤᠷᠠᠯᠢᠭ ᠤᠨ ᠦᠪ ᠢ ᠵᠠᠪᠳᠤᠨ ᠠᠪᠤᠷᠠᠵᠤ ᠬᠠᠮᠠᠭᠠᠯᠠᠬᠤ ᠪᠠ ᠰᠤᠳᠤᠯᠬᠤ᠂ ᠰᠤᠶᠤᠯ ᠤᠷᠠᠯᠢᠭ ᠤᠨ ᠳᠠᠩᠰᠠ ᠮᠠᠲ᠋ᠧᠷᠢᠶᠠᠯ ᠢ ᠬᠠᠮᠠᠭᠠᠯᠠᠨ ᠠᠰᠢᠭᠯᠠᠵᠤ᠂ ᠰᠤᠶᠤᠯ ᠪᠠ ᠵᠢᠭᠤᠯᠴᠢᠯᠠᠯ ᠤᠨ ᠲᠢᠩᠭᠢᠮ ᠤᠨ ᠨᠠᠶᠢᠳᠠᠯᠭ᠎ᠠ ᠪᠠᠷ ᠪᠦᠬᠦ ᠤᠷᠤᠨ ᠤ ᠰᠤᠶᠤᠯ ᠤᠷᠠᠯᠢᠭ ᠤᠨ ᠳᠠᠩᠰᠠ ᠮᠠᠲ᠋ᠧᠷᠢᠶᠠᠯ ᠢ ᠪᠠᠶᠢᠴᠠᠭᠠᠬᠤ  ᠵᠢᠴᠢ ᠬᠢᠨᠠᠨ ᠵᠢᠯᠤᠭᠤᠳᠬᠤ᠂ ᠤᠯᠤᠰ ᠤᠨ ᠲᠤᠲᠤᠭᠠᠲᠤ ᠭᠠᠳᠠᠭᠠᠲᠤ ᠶᠢᠨ ᠢᠯᠡ ᠪᠠᠷ ᠲᠠᠷᠬᠠᠭᠠᠭᠰᠠᠨ ᠤᠷᠠᠯᠢᠭ ᠤᠨ ᠬᠠᠮᠢᠶᠠᠲᠠᠢ ᠡᠷᠲᠡᠮ ᠰᠢᠨᠵᠢᠯᠡᠭᠡᠨ ᠤ ᠰᠡᠳᠭᠦᠯ ᠢ ᠨᠠᠶᠢᠷᠠᠭᠤᠯᠤᠨ ᠬᠡᠪᠯᠡᠨ᠎ᠡ᠃      ᠬᠠᠶ᠋ᠢᠭ᠄ ᠬᠦᠬᠡᠬᠤᠲᠠ ᠶᠢᠨ ᠰᠠᠶᠢᠬᠠᠨ ᠲᠤᠭᠤᠷᠢᠭ ᠤᠨ ᠦᠵᠡᠰᠭᠦᠯᠡᠩ ᠤᠨ ᠤᠷᠲᠤᠨ ᠤ ᠡᠮᠦᠨ᠎ᠡ ᠭᠤᠳᠤᠮᠵᠢ  ᠶᠢᠨ ᠲᠠᠪᠤᠳᠤᠭᠠᠷ ᠨᠤᠮᠧᠷ     ᠬᠦᠷᠢᠶᠡᠯᠡᠩ ᠤᠨ ᠳᠠᠷᠤᠭ᠎ᠠ᠄ ᠭᠤᠤ ᠰᠢᠶᠤᠤ ᠬᠤᠩ     ᠰᠢᠤᠳᠠᠨ ᠨᠤᠮᠧᠷ᠄ 010011     ᠬᠠᠷᠢᠯᠴᠠᠬᠤ ᠤᠳᠠᠰᠤ᠄ 0471 —4923207
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号