ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠢᠭᠤᠯᠴᠢᠯᠠᠯ ᠤᠨ ᠦᠢᠯᠡᠰ ᠤᠨ ᠬᠦᠭᠵᠢᠯᠲᠡ ᠶᠢ ᠲᠦᠯᠦᠪᠵᠢᠭᠦᠯᠬᠦ ᠲᠦᠪ
ᠨᠡᠶᠢᠲᠡᠯᠡᠭᠰᠡᠨ ᠴᠠᠭ᠄
2019/8/5
ᠪᠠᠶᠢᠭᠤᠯᠭ᠎ᠠ ᠶᠢᠨ ᠲᠤᠬᠢᠷᠠᠭᠤᠯᠤᠯᠳᠠ᠄       ᠤᠤᠯ ᠤᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠢᠭᠤᠯᠴᠢᠯᠠᠯ ᠤᠨ ᠬᠦᠮᠦᠵᠢᠯ ᠪᠤᠯᠪᠠᠰᠤᠷᠠᠯ ᠤᠨ ᠲᠦᠪ ᠨᠢ 1995 ᠤᠨ ᠳᠤ ᠪᠠᠶᠢᠭᠤᠯᠤᠭᠳᠠᠵᠤ  ᠂ 2015 ᠤᠨ ᠤ 8 ᠰᠠᠷ᠎ᠠ ᠳᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠢᠭᠤᠯᠴᠢᠯᠠᠯ ᠤᠨ ᠦᠢᠯᠡᠰ ᠤᠨ ᠬᠦᠭᠵᠢᠯᠲᠡ ᠶᠢ ᠲᠦᠯᠦᠪᠵᠢᠭᠦᠯᠬᠦ ᠲᠦᠪ ᠭᠡᠵᠦ ᠨᠡᠷ᠎ᠡ ᠪᠠᠨ ᠬᠠᠯᠠᠪᠠ᠃ ᠦᠪᠡᠷᠲᠡᠭᠡᠨ ᠬᠤᠷᠢᠶᠠᠨ ᠦᠪᠡᠷᠲᠡᠭᠡᠨ ᠵᠠᠷᠤᠬᠤ ᠭᠠᠵᠠᠷ ᠤᠨ ᠳᠡᠰ ‍ᠤᠨ‌ᠠᠵᠢᠯ ᠦᠢᠯᠡᠰ ᠤᠨ ᠨᠢᠭᠡᠴᠢ ᠶᠤᠮ᠃ ᠬᠢᠨᠠᠨ ᠲᠤᠭᠳᠠᠭᠠᠭᠰᠠᠨ ᠤᠷᠤᠨ ᠲᠤᠭ᠎ᠠ 9 ᠨᠡᠷ᠎ᠡ᠂ ᠭᠠᠵᠠᠷ ᠤᠨ ᠳᠡᠰ ᠤᠨ ᠤᠳᠤᠷᠢᠳᠤᠯᠭ᠎ᠠ ᠶᠢᠨ ᠲᠤᠰᠢᠶᠠᠯ ᠤᠨ ᠲᠤᠭ᠎ᠠ 2᠂  ᠲᠤᠲᠤᠭᠠᠲᠤ ᠳᠤ ᠪᠠᠨ᠄ ᠠᠵᠤ ᠦᠢᠯᠡᠰ ᠤᠨ ᠰᠤᠳᠤᠯᠭᠠᠨ ᠤ ᠬᠡᠯᠳᠡᠰ᠂ ᠠᠵᠤ ᠦᠢᠯᠡᠰ ᠤᠨ ᠨᠡᠭᠡᠭᠡᠯᠲᠡ ᠶᠢᠨ ᠬᠡᠯᠳᠡᠰ ᠵᠢᠴᠢ ᠬᠦᠮᠦᠵᠢᠭᠦᠯᠦᠨ ᠪᠤᠯᠪᠠᠰᠤᠷᠠᠭᠤᠯᠬᠤ ᠬᠡᠯᠳᠡᠰ ᠵᠡᠷᠭᠡ ᠭᠤᠷᠪᠠᠨ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠬᠢᠭᠡᠳ ᠠᠯᠪᠠᠨ ᠭᠡᠷ ᠪᠠ‌ᠡᠳ᠋ ᠤᠨ ᠶᠠᠪᠤᠳᠠᠯ ᠤᠨ ᠳᠠᠰᠤᠭ ᠵᠡᠷᠭᠡ ᠬᠤᠶᠠᠷ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠠᠢ᠃ ᠪᠠᠶᠢᠭᠤᠯᠤᠮᠵᠢ ᠶᠢᠨ ᠡᠭᠦᠷᠭᠡ ᠴᠢᠳᠠᠪᠬᠢ᠄       ᠪᠦᠬᠦ ᠤᠷᠤᠨ ᠤ ᠵᠢᠭᠤᠯᠴᠢᠯᠠᠯ ᠤᠨ ᠦᠢᠯᠡᠰ ᠤᠨ ᠬᠦᠭᠵᠢᠯᠲᠡ ᠶᠢᠨ ᠲᠦᠯᠦᠪᠵᠢᠭᠦᠯᠭᠡ ᠳᠤ ᠰᠠᠨᠠᠭᠤᠯᠭ᠎ᠠ ᠲᠤᠷᠠᠳᠬᠤ ᠶᠢ ᠬᠠᠷᠢᠭᠤᠴᠠᠨ᠂ ᠪᠦᠬᠦ ᠤᠷᠤᠨ ᠤ ᠵᠢᠭᠤᠯᠴᠢᠯᠠᠯ ᠤᠨ ᠠᠵᠤ ᠠᠬᠤᠢ ᠶᠢᠨ ᠡᠷᠬᠢᠯᠲᠡ ᠶᠢᠨ ᠪᠠᠶᠢᠳᠠᠯ ᠢ ᠵᠠᠳᠠᠯᠤᠨ ᠰᠤᠳᠤᠯᠤᠯᠳᠠ ᠬᠢᠵᠦ ᠬᠠᠮᠢᠶ᠎ᠠ ᠪᠦᠬᠦᠢ ᠰᠠᠨᠠᠭᠤᠯᠭ᠎ᠠ ᠲᠤᠷᠠᠳᠬᠤ᠂ ᠦᠪᠡᠷᠲᠡᠭᠡᠨ ᠵᠠᠰᠠᠬᠤ ᠤᠷᠤᠨ ᠤ ᠴᠢᠬᠤᠯᠠ ᠵᠢᠭᠤᠯᠴᠢᠯᠠᠯ ᠤᠨ ᠵᠤᠷᠢᠭᠰᠠᠨ ᠭᠠᠵᠠᠷ ᠤᠨ  ᠪᠦᠲᠦᠭᠡᠨ ᠪᠠᠶᠢᠭᠤᠯᠤᠯᠳᠠ ᠶᠢᠨ ᠡᠮᠦᠨᠡᠬᠢ ᠦᠶ᠎ᠡ ᠶᠢᠨ ᠪᠠᠶᠢᠴᠠᠭᠠᠨ ᠰᠤᠳᠤᠯᠤᠯᠳᠠ ᠪᠠ ᠴᠢᠬᠤᠯᠠ ᠶᠡᠭᠡ ᠰᠡᠳᠤᠪ ᠢ ᠰᠣᠳᠤᠯᠬᠤ ᠠᠵᠢᠯ ᠢ ᠬᠠᠷᠢᠭᠤᠴᠠᠬᠤ᠂ ᠡᠯ᠎ᠡ ᠭᠠᠵᠠᠷ ᠤᠨ ᠮᠡᠳᠡᠭᠦᠯᠦᠨ ᠬᠢᠨᠠᠭᠤᠯᠤᠭᠰᠠᠨ ᠵᠢᠭᠤᠯᠴᠢᠯᠠᠯ ᠤᠨ ᠬᠦᠭᠵᠢᠯᠲᠡ ᠶᠢᠨ ᠲᠦᠯᠦᠪᠵᠢᠭᠦᠯᠭᠡ ᠶᠢ ᠬᠢᠨᠠᠨ ᠲᠤᠭᠳᠠᠭᠠᠬᠤ ᠵᠡᠷᠭᠡ ᠬᠠᠮᠢᠶ᠎ᠠ ᠪᠦᠬᠦᠢ ᠮᠡᠷᠭᠡᠵᠢᠯ ᠤᠨ ᠳᠡᠮᠵᠢᠯᠭᠡ ᠶᠢᠨ ᠠᠵᠢᠯ ᠢ ᠬᠠᠷᠢᠭᠤᠴᠠᠬᠤ᠂ ᠵᠢᠭᠤᠯᠴᠢᠯᠠᠯ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢ ᠬᠠᠮᠵᠢᠨ ᠶᠠᠪᠤᠭᠳᠠᠭᠤᠯᠤᠨ᠂ ᠡᠬᠢ ᠰᠤᠷᠪᠤᠯᠵᠢ ᠵᠢᠨ‌‍ᠬᠦ᠋ᠮᠦᠷᠭᠡ ᠶᠢ ᠪᠠᠶᠢᠭᠤᠯᠤᠨ᠂ ᠪᠦᠬᠦ ᠤᠷᠤᠨ ᠤ ᠵᠢᠭᠤᠯᠴᠢᠯᠠᠯ ᠤᠨ ᠡᠬᠢ ᠪᠠᠶᠠᠯᠢᠭ ᠤᠨ ᠲᠤᠭ᠎ᠠ ᠪᠠᠷᠢᠮᠳᠠ ᠶᠢ ᠡᠮᠬᠢᠯᠡᠨ ᠵᠠᠳᠠᠯᠤᠯᠳᠠ ᠬᠢᠬᠦ᠂ ᠡᠯ᠎ᠡ ᠵᠤᠭᠠᠴᠠᠯ  ᠤᠨ ᠤᠷᠤᠨ ︵ᠴᠡᠭ︶ ᠤ ᠦᠢᠯᠡᠴᠢᠯᠡᠭᠡᠨ ᠤ ᠪᠠᠷᠢᠮᠵᠢᠶ᠎ᠠ ᠶᠢ ᠰᠤᠳᠤᠯᠤᠨ᠂ ᠪᠦᠬᠦ ᠤᠷᠤᠨ ᠤ ᠵᠢᠭᠤᠯᠴᠢᠯᠠᠯ ᠤᠨ ᠲᠦᠪᠯᠡᠷᠡᠩᠭᠦᠢ ᠳᠠᠷᠬᠠᠢ ᠰᠢᠰᠲ᠋ᠧᠮ᠂ ᠯᠠᠪᠯᠠᠯᠲᠠ ᠶᠢᠨ ᠦᠢᠯᠡᠴᠢᠯᠡᠭᠡ ᠶᠢᠨ ᠰᠢᠰᠲ᠋ᠧᠮ ᠪᠠ ᠵᠢᠭᠤᠯᠴᠢᠯᠠᠯ ᠤᠨ ᠨᠡᠶᠢᠲᠡ  ᠶᠢᠨ ᠦᠢᠯᠡᠴᠢᠯᠡᠭᠡ ᠶᠢᠨ ᠰᠢᠰᠲ᠋ᠧᠮ ᠢ ᠰᠤᠳᠤᠯᠬᠤ᠂ ᠤᠯᠤᠰ ᠤᠨ ᠭᠠᠳᠠᠭᠠᠲᠤ ᠲᠤᠲᠤᠭᠠᠲᠤ ᠬᠢ ᠵᠢᠭᠤᠯᠴᠢᠯᠠᠯ ᠤᠨ ᠡᠷᠳᠡᠮ ᠰᠢᠨᠵᠢᠯᠡᠭᠡᠨ ᠤ ᠰᠣᠯᠢᠯᠴᠠᠭ᠎ᠠ ᠶᠢ ᠵᠤᠬᠢᠶᠠᠨ ᠪᠠᠶᠢᠭᠤᠯᠤᠨ ᠶᠠᠪᠤᠭᠳᠠᠭᠤᠯᠬᠤ᠂ ᠰᠢᠰᠲ᠋ᠧᠮ ᠤᠨ ᠲᠤᠲᠤᠭᠠᠲᠤ  ᠳᠤ ᠬᠢ ᠬᠠᠮᠢᠶ᠎ᠠ ᠪᠦᠬᠦᠢ ᠰᠤᠷᠭᠠᠨ ᠬᠦᠮᠦᠵᠢᠯ᠂ ᠪᠤᠯᠪᠠᠰᠤᠷᠠᠯ ᠤᠨ ᠠᠵᠢᠯ ᠢ ᠬᠠᠷᠢᠭᠤᠴᠠᠨ᠎ᠠ᠃ ᠦᠪᠡᠷᠲᠡᠭᠡᠨ ᠵᠠᠰᠠᠬᠤ ᠤᠷᠤᠨ ᠤ ᠵᠢᠭᠤᠯᠴᠢᠯᠠᠯ ᠤᠨ ᠲᠤᠭ᠎ᠠ ᠪᠦᠷᠢᠳᠬᠡᠯ ᠢ ᠴᠤᠭᠯᠠᠭᠤᠯᠤᠨ ᠲᠢᠭᠯᠡᠬᠦ ᠪᠠ ᠵᠠᠳᠠᠯᠤᠨ ᠲᠦᠰᠦᠭᠡᠯᠡᠬᠦ ᠠᠵᠢᠯ ᠢ ᠬᠠᠷᠢᠭᠤᠴᠠᠬᠤ᠂ ᠵᠢᠭᠤᠯᠴᠢᠯᠠᠯ ᠤᠨ ᠠᠵᠤ ᠠᠬᠤᠢ ᠶᠢᠨ ᠨᠢᠭᠳᠠᠯᠠᠨ ᠪᠤᠳᠤᠬᠤ ᠶᠢ ᠵᠤᠬᠢᠶᠠᠨ ᠪᠠᠶᠢᠭᠤᠯᠬᠤ᠂ ᠵᠢᠭᠤᠯᠴᠢᠯᠠᠯ ᠤᠨ ᠵᠠᠩᠬᠢᠴᠢᠯᠠᠯᠳᠠ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠳᠠ᠂ ᠵᠢᠭᠤᠯᠴᠢᠯᠠᠯ ᠤᠨ ᠲᠤᠭ᠎ᠠ ᠪᠦᠷᠢᠳᠭᠡᠯ ᠢ ᠰᠤᠳᠤᠯᠬᠤ ᠵᠡᠷᠭᠡ ᠠᠵᠢᠯ ᠢ ᠬᠠᠷᠢᠭᠤᠴᠠᠳᠠᠭ᠃       ᠡᠷᠬᠢᠯᠡᠭᠴᠢ᠄  ᠯᠠᠢ ᠰᠤ᠋ ᠲᠠᠩ       ᠬᠠᠶ᠋ᠢᠭ᠄ ᠬᠦᠬᠡᠬᠤᠲᠠ ᠶᠢᠨ ᠰᠢᠨ᠎ᠡ ᠬᠤᠲᠠ ᠲᠤᠭᠤᠷᠢᠭ ᠤᠨ ᠤᠷᠠᠯᠢᠭ ᠤᠨ ᠲᠢᠩᠬᠢᠮ ᠤᠨ ᠡᠮᠦᠨ᠎ᠡ ᠵᠡᠭᠡᠯᠢ  ᠶᠢᠨ 95 ᠳ᠋ᠤᠭᠠᠷ ᠨᠤᠮᠧᠷ       ᠬᠠᠷᠢᠯᠴᠠᠬᠤ ᠤᠳᠠᠰᠣ᠄ 0471 — 6934376/6282633       ᠹᠠᠺᠰ᠄ 0471 —6968561
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号