ᠥᠪᠥᠷ ᠮᠣᠩᠭᠤᠯ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠤᠨ ᠨᠠᠮ ᠤᠨ ᠡᠭᠦᠷ ᠤᠨ ᠵᠤᠬᠢᠶᠠᠨ ᠪᠠᠶᠢᠭᠤᠯᠤᠯᠲᠠ ᠶᠢᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ
ᠨᠡᠶᠢᠲᠡᠯᠡᠭᠰᠡᠨ ᠴᠠᠭ᠄
2020/10/15
     9 ᠳ᠋ᠣᠭᠡᠷ ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠤᠨ ᠨᠠᠮ ᠤᠨ ᠡᠭᠦᠷ ᠤᠨ ᠵᠣᠬᠢᠶᠠᠨ ᠪᠠᠶᠢᠭᠤᠯᠤᠯᠲᠠ ᠶᠢᠨ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠨᠢ ᠶᠡᠷᠦᠩᠬᠡᠢ ᠱᠦᠵᠢ ᠰᠢ ᠶᠢᠨ ᠫᠢᠩ ᠤᠨ ᠲᠦᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠢᠨ ᠭᠤᠷᠪᠠᠳᠤᠭᠠᠷ ᠣᠳᠠᠭᠠᠨ ᠤ ᠬᠠᠮᠲᠤ ᠶᠢᠨ ᠰᠤᠷᠤᠯᠴᠠᠯᠭ᠎ᠠ  ᠳᠤ ᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠢ ᠡᠭᠦᠷ ᠤᠨ ᠱᠦᠵᠢ ᠵᠠᠩ ᠷᠦᠢ ᠹᠧᠩ ᠨᠥᠬᠦᠷ ᠡᠷᠬᠢᠯᠡᠵᠦ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠪᠠ ᠤᠷᠲᠤ ᠴᠠᠭᠠᠨ ᠬᠡᠷᠡᠮ ᠤᠨ ᠬᠠᠮᠠᠭᠠᠯᠠᠯᠲᠠ ᠶᠢᠨ ᠠᠵᠢᠯ ᠤᠨ ᠲᠥᠪ ᠤᠨ ᠪᠦᠬᠦ ᠨᠠᠮ ᠤᠨ  ᠬᠡᠰᠢᠭᠦᠳ ᠰᠤᠷᠤᠯᠴᠠᠯᠭ᠎ᠠ ᠳᠤ ᠣᠷᠣᠯᠴᠠᠪᠠ᠃      ᠵᠠᠩ ᠷᠦᠢ ᠹᠧᠩ ᠨᠥᠬᠦᠷ ᠣᠯᠠᠨ ᠢ ᠳᠠᠭᠠᠭᠤᠯᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠶᠢᠨ 9 ᠳ᠋ᠣᠭᠡᠷ ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ ᠮᠠᠨ ᠤ ᠤᠯᠤᠰ ᠤᠨ ᠬᠠᠭᠤᠴᠢ ᠰᠣᠳᠣᠯᠣᠯ ᠤᠨ ᠬᠠᠮᠤᠭ ᠤᠨ ᠰᠢᠨ᠎ᠡ ᠢᠯᠡᠷᠡᠭᠦᠯᠦᠯᠲᠡ ᠵᠢᠴᠢ ᠲᠡᠭᠦᠨ ᠤ ᠠᠴᠢ ᠬᠤᠯᠪᠣᠭᠳᠠᠯ ᠤᠨ ᠲᠤᠬᠠᠶ ᠬᠤᠷᠢᠨ ᠭᠤᠷᠪᠠᠳᠤᠭᠠᠷ ᠣᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ ᠶᠢ ᠨᠠᠷᠢᠨ ᠬᠢᠨᠠᠮᠠᠭᠠᠶ ᠰᠤᠷᠤᠯᠴᠠᠪᠠ᠃  ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ  ᠨᠢ ᠬᠠᠭᠤᠴᠢ ᠰᠤᠳᠤᠯᠤᠯ ᠤᠨ ᠠᠵᠢᠯ ᠪᠣᠯ ᠮᠥᠨ ᠴᠦ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠠᠵᠢᠯ  ᠪᠣᠯᠬᠤ ᠶᠢᠨ ᠲᠤᠬᠠᠶ ᠳᠡᠭᠡᠳᠦ ᠬᠡᠮᠵᠢᠶᠡᠨ ᠤ ᠬᠤᠷᠢᠶᠠᠩᠭᠤᠶᠢᠯᠠᠯ ᠶᠤᠮ᠃ ᠦᠭᠡ ᠨᠢ ᠲᠣᠪᠴᠢ ᠤᠳᠬ᠎ᠠ ᠨᠢ ᠲᠡᠭᠦᠯᠳᠡᠷ ᠂ ᠤᠷᠢᠳ ᠡᠮᠦᠨ᠎ᠡ ᠪᠠᠶᠢᠭ᠎ᠠ ᠥᠬᠡᠶ᠂ ᠠᠭᠤᠯᠤᠭᠳᠠᠬᠤᠨ ᠨᠢ ᠭᠦᠨ ᠭᠦᠨᠵᠡᠭᠡᠶ ᠪᠠᠶᠢᠵᠤ᠂ ᠪᠢᠳᠡᠨ ᠳᠤ ᠬᠤᠶᠢᠰᠢᠳᠠ ᠶᠢᠨ ᠠᠵᠢᠯ ᠤᠨ ᠴᠢᠷᠮᠠᠶᠢᠬᠤ ᠴᠢᠭᠯᠡᠯ ᠪᠠ ᠬᠠᠷᠠᠯᠲᠠ ᠡᠭᠦᠷᠭᠡ ᠶᠢ  ᠲᠣᠳᠣᠷᠬᠠᠶ ᠵᠢᠭᠠᠵᠤ ᠦᠭᠪᠡ ᠭᠡᠵᠣ ᠪᠦᠬᠦ ᠨᠠᠮ ᠤᠨ ᠭᠡᠰᠢᠭᠦᠳ ᠰᠠᠨᠠᠯ ᠨᠢᠭᠡᠲᠡᠢ ᠦᠵᠡᠭᠰᠡᠨ ᠪᠠᠶᠢᠨ᠎ᠠ᠃ ᠡᠭᠦᠨ ᠤ ᠬᠠᠮᠲᠤ ᠪᠠᠰᠠ ᠶᠡᠷᠦᠩᠬᠡᠶ ᠱᠦᠵᠢ ᠶᠢᠨ ᠪᠦᠬᠦ ᠰᠣᠶᠣᠯ ᠦᠵᠡᠰᠬᠦᠯᠡᠩ ᠤᠨ ᠠᠵᠢᠯᠲᠠᠳ ᠲᠤ  ᠬᠦᠷᠳᠡᠭᠡᠭᠰᠡᠨ ᠬᠠᠶᠢᠷ᠎ᠠ ᠬᠠᠯᠠᠮᠵᠢ᠂ ᠬᠠᠯᠠᠭᠤᠨ ᠰᠡᠳᠭᠢᠯᠭᠡ ᠨᠢ ᠪᠢᠳᠡᠨ ᠤ ᠰᠡᠳᠬᠢᠯ ᠵᠢᠷᠦᠬᠡ ᠶᠢ ᠶᠡᠬᠡᠳᠡ ᠬᠦᠳᠡᠯᠭᠡᠵᠣ᠂ ᠪᠢᠳᠡᠨ ᠳᠤ ᠶᠡᠬᠡᠳᠡ ᠵᠣᠷᠢᠭᠵᠢᠭᠤᠯᠣᠯ ᠪᠣᠯᠵᠤ᠂ ᠪᠠᠰᠠ ᠴᠤ ᠪᠢᠳᠡᠨ ᠤ ᠡᠭᠦᠷᠭᠡ ᠬᠠᠷᠢᠭᠤᠴᠠᠯᠭ᠎ᠠ ᠬᠡᠳᠦᠢ ᠬᠦᠨᠳᠦ᠂ ᠬᠡᠳᠦᠢ ᠦᠩᠭᠡ ᠭᠡᠷᠡᠯᠲᠡᠢ ᠪᠠᠶᠢᠭ᠎ᠠ ᠭᠡᠳᠡᠭ ᠢ ᠭᠦᠨᠵᠡᠭᠡᠢ ᠣᠶᠢᠯᠠᠭᠠᠯ᠎ᠠ᠃ ᠪᠢᠳᠡ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠣᠶᠢᠯᠠᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠤᠨ ᠳᠤᠮᠳᠠ ᠨᠡᠩ ᠢᠳᠡᠪᠬᠢᠲᠡᠢ ᠵᠢᠳᠬᠦᠯ ᠴᠢᠷᠮᠠᠶᠢᠯᠭ᠎ᠠ ᠲᠠᠢ ᠪᠠᠷ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ ᠬᠡᠮᠡᠨ ᠣᠯᠠᠨ  ᠢᠶᠠᠷ ᠢᠶᠠᠨ ᠵᠣᠷᠢᠭ ᠢᠶᠠᠨ ᠢᠯᠡᠳᠭᠡᠪᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号