ᠰᠦᠨ ᠴᠦᠨ ᠯᠠᠨ ᠬᠠᠭᠠᠨ ᠤ ᠣᠷᠳᠣᠨ ᠮᠦᠽᠧᠶ ᠳᠤ ᠪᠠᠶᠢᠴᠠᠭᠠᠨ ᠰᠤᠳᠤᠯᠤᠯᠲᠠ ᠬᠢᠬᠦ ᠳᠤ ᠪᠠᠨ ᠲᠡᠤᠬᠡ ᠶᠢᠨ ᠰᠣᠶᠣᠯ ᠤᠨ ᠥᠪ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠠᠵᠢᠯ ᠢ ᠴᠢᠩᠭᠠᠳᠬᠠᠵᠤ ᠂ ᠥᠨᠢ ᠤᠳᠠᠭᠠᠨ ᠲᠡᠦᠬᠡ ᠲᠠᠢ᠂  ᠦᠷᠭᠡᠨ ᠪᠦᠭᠡᠳ ᠭᠦᠨᠵᠡᠭᠡᠶ ᠳᠤᠮᠳᠠᠳᠤ ᠶᠢᠨ ᠪᠣᠯᠪᠠᠰᠤᠨ ᠢ ᠪᠠᠳᠠᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2020/10/16
     ᠰᠢᠨᠬᠤᠸᠠ ᠬᠤᠷᠢᠶᠠᠨ ᠤ ᠪᠡᠭᠡᠵᠢᠩ ᠤᠨ 10 ᠳ᠋ᠤᠭᠠᠷ ᠰᠠᠷ᠎ᠠ ᠶᠢᠨ 12 ᠤᠨ ᠴᠠᠬᠢᠯᠭᠠᠨ ᠮᠡᠳᠡᠭᠡ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠰᠦᠨ ᠴᠦᠨ ᠯᠠᠨ 12 ᠤᠨ ᠡᠳᠦᠷ ᠬᠠᠭᠠᠨ ᠤ ᠣᠷᠳᠣᠨ ᠮᠦᠽᠧᠢ ᠳᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠠᠵᠢᠯ ᠢ ᠪᠠᠶᠢᠴᠠᠭᠠᠨ ᠰᠤᠳᠤᠯᠪᠠ᠃ ᠲᠡᠷᠡ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠢᠨ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ  ᠳᠤ ᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠲᠡᠤᠬᠡ ᠶᠢᠨ ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠨ᠂ ᠰᠤᠳᠤᠯᠵᠤ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠴᠢᠳᠠᠪᠤᠷᠢᠲᠠᠨ ᠤ ᠡᠩᠨᠡᠭᠡ ᠶᠢ ᠢᠳᠡᠪᠬᠢᠲᠡᠢ ᠬᠦᠮᠦᠵᠢᠭᠦᠯᠵᠦ ᠪᠤᠵᠠᠭᠠᠶᠢᠷᠠᠭᠤᠯᠤᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ᠂ ᠰᠣᠶᠣᠯ ᠤᠨ ᠢᠲᠡᠭᠡᠯ ᠢᠶᠠᠨ ᠨᠡᠮᠡᠭᠳᠡᠭᠦᠯᠬᠦ ᠳᠤ ᠪᠠᠲᠤ ᠴᠢᠩᠭ᠎ᠠ ᠲᠤᠯᠭᠠᠭᠤᠷᠢᠯᠠᠯ ᠬᠠᠨᠭ᠍ᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠰᠦᠨ ᠴᠦᠨ ᠯᠠᠨ ᠬᠠᠭᠠᠨ ᠤ ᠣᠷᠳᠣᠨ ᠮᠦᠽᠧᠶ ᠶᠢᠨ ᠭᠠᠵᠠᠷ ᠳᠣᠤᠷᠠᠬᠢ ᠲᠡᠤᠬᠡ ᠶᠢᠨ ᠳᠤᠷᠠᠰᠬᠠᠯᠲᠤ ᠵᠦᠢᠯᠡᠰ ᠤᠨ ᠬᠦᠮᠦᠷᠭᠡ᠂ ᠰᠣᠶᠣᠯ ᠤᠨ ᠡᠳ᠋ ᠬᠥᠷᠥᠩᠭᠡ ᠶᠢᠨ ᠲᠣᠭᠠᠴᠢᠯᠠᠭᠰᠠᠨ ᠬᠡᠷᠡᠭᠯᠡᠭᠡᠨ ᠤ ᠰᠤᠳᠤᠯᠭᠠᠨ ᠤ ᠭᠠᠵᠠᠷ ᠲᠤ ᠬᠦᠷᠴᠦ᠂ ᠨᠣᠮ ᠤᠨ ᠰᠠᠩ ᠳᠤ ᠬᠠᠳᠠᠭᠠᠯᠠᠵᠤ ᠪᠠᠶᠢᠭ᠎ᠠ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠳᠠᠭᠠᠯᠠᠨ ᠬᠠᠮᠠᠭᠠᠯᠠᠵᠤ ᠪᠠᠶᠢᠭ᠎ᠠ ᠪᠠᠶᠢᠳᠠᠯ ᠪᠠ ︽ᠲᠣᠭᠠᠴᠢᠯᠠᠭᠰᠠᠨ ᠬᠠᠭᠠᠨ ᠤ ᠣᠷᠳᠣᠨ︾ ᠤ ᠰᠠᠭᠤᠷᠢ ᠴᠤᠭᠯᠠᠭᠤᠯᠭ᠎ᠠ ᠶᠢᠨ ᠢᠨᠵᠧᠨᠧᠷᠢᠩ ᠢ ᠬᠡᠷᠡᠭᠵᠢᠭᠦᠯᠵᠦ ᠪᠠᠶᠢᠭ᠎ᠠ ᠪᠠᠶᠢᠳᠠᠯ ᠵᠡᠷᠭᠡ ᠠᠵᠢᠯ ᠢ ᠣᠶᠢᠯᠠᠭᠠᠵᠠᠶ᠃ ᠮᠦᠽᠧᠶ ᠳᠤ ᠬᠠᠳᠠᠭᠠᠯᠠᠵᠤ ᠪᠠᠶᠢᠭ᠎ᠠ ᠲᠡᠤᠬᠡ ᠶᠢᠨ ᠳᠤᠷᠠᠰᠬᠠᠯᠲᠤ ᠵᠦᠢᠯᠡᠰ ᠤᠨ ᠦᠵᠡᠭᠦᠯᠦᠯᠭᠡ ᠶᠢ ᠲᠣᠭᠤᠷᠢᠨ ᠦᠵᠡᠵᠦ᠂ ᠦᠵᠡᠭᠴᠢᠳ ᠲᠤ ᠬᠠᠨᠭ᠍ᠭᠠᠬᠤ ᠦᠢᠯᠡᠴᠢᠯᠡᠭᠡ ᠵᠡᠷᠭᠡ ᠲᠦᠬᠦᠭᠡᠷᠦᠮᠵᠢ ᠶᠢ ᠰᠢᠨᠵᠢᠯᠡᠨ ᠪᠠᠶᠢᠴᠠᠭᠠᠬᠤ ᠶᠢᠨ ᠬᠠᠮᠲᠤ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ᠂ ᠠᠰᠢᠭᠯᠠᠯᠲᠠ ᠬᠢᠭᠡᠳ ᠦᠵᠡᠭᠦᠯᠦᠯᠭᠡ᠂ ᠴᠢᠳᠠᠪᠤᠷᠢᠲᠠᠨ ᠤ ᠡᠩᠨᠡᠭᠡ ᠵᠡᠷᠭᠡ ᠵᠦᠢᠯᠡᠰ ᠤᠨ ᠲᠤᠬᠠᠶ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠣᠯᠤᠨ ᠠᠵᠢᠯᠲᠠᠳ ᠤᠨ ᠰᠠᠨᠠᠯ ᠰᠠᠨᠠᠭᠤᠯᠭ᠎ᠠ ᠶᠢ ᠰᠣᠨᠣᠰᠪᠠ᠃ ᠲᠡᠷᠡ᠂ ᠬᠠᠭᠠᠨ ᠤ ᠣᠷᠳᠣᠨ ᠪᠣᠯ ᠳᠤᠮᠳᠠᠳᠤ ᠶᠢᠨ ᠦᠨᠳᠦᠰᠦᠲᠡᠨ ᠤ ᠲᠡᠦᠬᠡ ᠰᠣᠶᠣᠯ ᠤᠨ ᠦᠨᠡᠲᠦ ᠡᠷᠳᠡᠨᠢ ᠮᠥᠨ᠃ ᠮᠦᠽᠧᠶ ᠳᠤ ᠬᠠᠳᠠᠭᠠᠯᠠᠵᠤ ᠪᠠᠶᠢᠭ᠎ᠠ ᠲᠡᠤᠬᠡ ᠶᠢᠨ ᠳᠤᠷᠠᠰᠬᠠᠯᠲᠤ ᠵᠦᠢᠯᠡᠰ ᠤᠨ ᠬᠡᠮᠵᠢᠶ᠎ᠡ ᠨᠢ ᠶᠡᠭᠡ᠂ ᠬᠤᠪᠣᠷ ᠨᠠᠨᠳᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠷᠢᠴᠠᠯ ᠨᠢ ᠥᠨᠳᠥᠷ᠂ ᠮᠠᠨ ᠤ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠣᠨᠴᠠᠭᠠᠶ ᠴᠢᠬᠤᠯᠠ ᠪᠠᠶᠢᠷᠢ ᠰᠠᠭᠤᠷᠢ ᠶᠢ ᠡᠵᠡᠯᠡᠵᠦ ᠪᠠᠶᠢᠭ᠎ᠠ ᠶᠤᠮ ᠪᠣᠯᠬᠤᠷ ᠵᠠᠪᠠᠯ ᠪᠦᠲᠦᠮᠵᠢᠲᠡᠶ ᠬᠠᠮᠠᠭᠠᠯᠠᠭᠰᠠᠨ ᠤᠷᠢᠲᠠᠯ ᠳᠣᠤᠷ᠎ᠠ ᠲᠡᠤᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠢ ᠵᠦᠶ ᠵᠣᠬᠢᠰᠲᠠᠶ ᠠᠰᠢᠭᠯᠠᠬᠤ ᠬᠡᠷᠡᠭᠲᠡᠶ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠶ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠠᠮᠤᠷ ᠲᠦᠪᠰᠢᠨ ᠤ ᠬᠠᠮᠠᠭᠠᠯᠠᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠲᠡᠤᠬᠡ ᠶᠢᠨ ᠰᠣᠶᠣᠯ ᠤᠨ ᠥᠪ ᠤᠨ ᠰᠡᠷᠭᠡᠶᠢᠯᠡᠯᠲᠡ ᠬᠠᠮᠠᠭᠠᠯᠠᠯᠲᠠ ᠶᠢᠨ ᠴᠢᠳᠠᠪᠤᠷᠢ ᠪᠠᠨ ᠰᠠᠶᠢᠵᠢᠷᠠᠭᠤᠯᠤᠨ᠂ ︽ᠠᠮᠤᠷ ᠲᠠᠶᠢᠪᠤᠡᠭ ᠬᠠᠭᠠᠨ ᠤ ᠣᠷᠳᠣᠨ︾ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠭᠠᠯ ᠠᠴᠠ ᠰᠡᠷᠭᠡᠶᠢᠯᠡᠬᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠥᠮᠥᠷᠭᠡ᠂ ᠰᠠᠭᠤᠷᠢ ᠲᠥᠬᠦᠭᠡᠷᠦᠮᠵᠢ ᠪᠣᠯᠤᠨ ᠦᠵᠡᠭᠴᠢᠳ ᠤᠨ ᠠᠮᠤᠷ ᠲᠦᠪᠰᠢᠨ ᠵᠡᠷᠭᠡ ᠲᠠᠯ᠎ᠠ ᠶᠢᠨ ᠠᠰᠠᠭᠤᠳᠠᠯ ᠤᠳ ᠢ ᠰᠢᠢᠳᠪᠦᠷᠢᠯᠡᠨ᠂ ᠲᠡᠤᠬᠡ ᠶᠢᠨ ᠳᠤᠷᠠᠰᠬᠠᠯᠲᠤ ᠵᠦᠢᠯᠡᠰ ᠪᠠ ᠡᠷᠲᠡᠨ ᠤ ᠪᠠᠷᠢᠯᠭ᠎ᠠ ᠶᠢᠨ ᠠᠮᠤᠷ ᠲᠦᠪᠰᠢᠨ ᠢ  ᠭᠠᠷᠴᠠᠭ᠎ᠠ ᠦᠭᠡᠢ ᠪᠠᠲᠤᠯᠠᠬᠤ ᠬᠡᠷᠡᠭᠲᠡᠢ ᠭᠡᠵᠦ ᠵᠢᠭᠠᠨ ᠭᠠᠷᠭᠠᠵᠠᠢ᠃      ᠰᠦᠨ ᠴᠦᠨ ᠯᠠᠨ᠂ ᠬᠠᠭᠠᠨ ᠤ ᠣᠷᠳᠣᠨ ᠢ ᠰᠠᠶᠢᠲᠤᠷ ᠠᠰᠢᠭᠯᠠᠵᠤ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠦᠨ᠎ᠡ ᠥᠷᠲᠡᠭ ᠢ ᠠᠭᠤᠳᠠᠯᠵᠤ ᠲᠠᠶᠢᠯᠪᠤᠷᠢᠯᠠᠬᠤ ᠪᠠ ᠤᠯᠠᠮᠵᠢᠯᠠᠨ ᠠᠰᠢᠭᠯᠠᠬᠤ ᠶᠢ ᠴᠢᠩᠭᠠᠳᠬᠠᠵᠤ᠂ ᠲᠡᠤᠬᠡ ᠶᠢᠨ ᠰᠣᠶᠣᠯ ᠤᠨ ᠥᠪ ᠤᠨ ᠡᠬᠢ ᠪᠠᠶᠠᠯᠢᠭ ᠢ ᠠᠮᠢᠵᠢᠷᠠᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠪᠠᠷᠢᠯ ᠢ ᠲᠡᠭᠦᠯᠳᠡᠷᠵᠢᠭᠦᠯᠦᠨ᠂ ᠬᠠᠭᠠᠨ ᠤ ᠣᠷᠳᠣᠨ ᠤ ᠰᠣᠶᠣᠯ ᠢ ᠠᠭᠤᠳᠠᠯᠤᠨ ᠳᠡᠯᠭᠡᠨ ᠦᠵᠡᠭᠦᠯᠵᠦ ᠤᠬᠠᠭᠤᠯᠬᠤ ᠠᠵᠢᠯ ᠢ ᠴᠢᠩᠭᠠᠳᠬᠠᠵᠤ᠂ ᠨᠠᠩ ᠣᠯᠠᠨ ᠨᠠᠩ ᠰᠠᠶᠢᠨ ᠳᠤᠮᠳᠠᠳᠤ ᠶᠢᠨ ᠰᠣᠶᠣᠯ ᠤᠨ ᠥᠪ ᠬᠥᠷᠥᠩᠭᠡ ᠶᠢ  ᠢᠯᠡᠷᠡᠭᠦᠯᠦᠨ᠂ ᠪᠦᠬᠦᠶᠢᠯᠡ ᠨᠡᠶᠢᠭᠡᠮ ᠤᠨ ᠲᠡᠦᠬᠡ ᠶᠢᠨ ᠰᠣᠶᠣᠯ ᠤᠨ ᠰᠢᠮ᠎ᠡ ᠲᠡᠵᠢᠭᠡᠯ ᠢ ᠪᠠᠶᠠᠵᠢᠭᠤᠯᠵᠤ᠂ ᠲᠡᠤᠬᠡ ᠪᠠᠷ ᠬᠥᠮᠦᠨ ᠢ ᠬᠥᠮᠦᠵᠢᠭᠦᠯᠬᠦ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠬᠤ ᠬᠡᠷᠡᠭᠲᠡᠢ᠃ ᠣᠯᠠᠨ ᠤᠯᠤᠰ  ᠤᠨ ᠰᠣᠯᠢᠯᠴᠠᠭ᠎ᠠ ᠪᠠ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠶᠢ ᠴᠢᠩᠭᠠᠳᠬᠠᠵᠤ᠂ ᠥᠨᠢ ᠤᠳᠠᠭᠠᠨ ᠲᠡᠦᠬᠡ ᠲᠠᠢ᠂ ᠦᠷᠭᠡᠨ ᠪᠦᠭᠡᠳ ᠭᠦᠨᠵᠡᠭᠡᠶ ᠳᠤᠮᠳᠠᠳᠤ ᠶᠢᠨ ᠪᠣᠯᠪᠠᠰᠤᠨ ᠢ ᠳᠡᠯᠡᠬᠡᠶ ᠨᠡᠶᠢᠲᠡ ᠳᠤ ᠳᠡᠯᠭᠡᠨ ᠦᠵᠡᠭᠦᠯᠵᠦ᠂ ᠳᠡᠯᠡᠬᠡᠶ ᠳ᠋ᠠᠬᠢᠨ ᠳᠤ ᠳᠤᠮᠳᠠᠳᠤ ᠤᠯᠤᠰ ᠤᠨ ᠲᠡᠤᠬᠡ ᠶᠢ ᠣᠶᠢᠯᠠᠭᠠᠭᠤᠯᠵᠤ᠂ ᠳᠤᠮᠳᠠᠳᠤ ᠶᠢᠨ ᠦᠨᠳᠦᠰᠦᠲᠡᠨ ᠤ ᠵᠣᠷᠢᠭ ᠰᠠᠨᠠᠭ᠎ᠠ ᠶᠢ ᠣᠶᠢᠯᠠᠭᠠᠭᠤᠯᠬᠤ ᠬᠡᠷᠡᠭᠲᠡᠶ᠃ ᠳᠣᠲᠣᠭᠠᠳᠤ ᠶᠢᠨ ᠬᠠᠮᠢᠶᠠᠷᠤᠯᠲᠠ ᠪᠠᠨ ᠴᠢᠩᠳᠠᠯᠠᠨ᠂ ᠬᠠᠮᠢᠶᠠᠷᠤᠯᠲᠠ ᠪᠠ ᠦᠢᠯᠡᠴᠢᠯᠡᠭᠡ ᠪᠠᠨ ᠰᠠᠶᠢᠲᠤᠷ ᠬᠢᠵᠦ᠂ ᠵᠢᠭᠤᠯᠴᠢᠯᠠᠭᠴᠢᠳ ᠤᠨ ᠪᠡᠶᠡᠴᠢ ᠣᠶᠢᠯᠠᠭᠠᠯᠲᠠ ᠶᠢ ᠨᠢ ᠳᠡᠭᠡᠭᠰᠢᠯᠡᠭᠦᠯᠦᠨ᠂ ᠬᠠᠭᠠᠨ ᠤ ᠣᠷᠳᠣᠨ ᠤ ᠲᠦᠷᠢ ᠲᠥᠷᠬᠦ ᠶᠢ ᠦᠨᠡᠨ ᠬᠦ ᠰᠠᠶᠢᠲᠤᠷ ᠪᠠᠲᠤᠯᠠᠨ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠰᠦᠨ ᠴᠦᠨ ᠯᠠᠨ ᠪᠠᠰᠠ ᠬᠠᠭᠠᠨ ᠤ ᠣᠷᠳᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠪᠠ᠃ ᠲᠡᠷᠡ᠂ ᠲᠤᠷᠰᠢᠯᠭ᠎ᠠ ᠪᠠᠨ ᠤᠯᠠᠮ ᠨᠢᠭᠡ ᠠᠯᠬᠤᠮ ᠳ᠋ᠦᠡᠭᠨᠡᠨ᠂ ᠪᠠᠶᠢᠡᠭᠭᠤᠵᠢᠭᠰᠠᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠥᠬᠦ ᠤᠯᠤᠰ ᠤᠨ ᠰᠣᠶᠣᠯ ᠦᠵᠡᠰᠬᠦᠯᠡᠩ ᠤᠨ ᠨᠢᠭᠡᠴᠢ ᠪᠣᠯᠤᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠭᠰᠡᠨ ᠦᠯᠢᠭᠡᠷ ᠵᠢᠱᠢᠶ᠎ᠡ ᠪᠣᠯᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号