ᠰᠢ ᠶᠢᠨ ᠫᠢᠩ᠄ ᠰᠢᠨ᠎ᠡ ᠴᠠᠭ ᠦᠶ᠎ᠡ ᠳᠤ ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠬᠤ ᠠᠭᠤᠤ ᠶᠡᠭᠡ ᠵᠣᠷᠢᠭ ᠰᠠᠨᠠᠭ᠎ᠠ ᠶᠢ ᠵᠠᠯᠭᠠᠮᠵᠢᠯᠠᠨ ᠪᠠᠳᠠᠷᠠᠭᠤᠯᠵᠥ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ ᠲᠡᠮᠡᠴᠡᠬᠦ ᠬᠡᠷᠡᠭᠳᠠᠢ
ᠨᠡᠶᠢᠲᠡᠯᠡᠭᠰᠡᠨ ᠴᠠᠭ᠄
2020/10/21
     ᠯᠢ ᠺᠧ ᠴᠢᠶᠠᠩ ᠯᠢ ᠵᠠᠨ ᠱᠤ᠋ ᠸᠠᠩ ᠶᠠᠩ ᠸᠠᠩ ᠬᠤ᠋ ᠨᠢᠩ ᠵᠤᠤ ᠯᠧ ᠵᠢᠢ ᠬᠠᠨ ᠵᠧᠩ ᠸᠠᠩ ᠴᠢ ᠱᠠᠨ ᠦᠵᠡᠰᠬᠦᠯᠡᠩ ᠢ ᠲᠣᠭᠤᠷᠢᠨ ᠦᠵᠡᠪᠡ      ᠳᠤᠮᠳᠠᠳᠤ ᠤᠯᠤᠰ ᠤᠨ ᠠᠷᠠᠳ ᠤᠨ ᠰᠠᠶᠢᠨ ᠳᠤᠷ᠎ᠠ ᠶᠢᠨ ᠴᠡᠷᠢᠭ ᠤᠨ ᠠᠮᠧᠷᠢᠺᠠ ᠶᠢ ᠡᠰᠡᠷᠭᠦᠴᠡᠵᠥ ᠰᠣᠯᠣᠩᠭᠤᠰ ᠢ ᠲᠤᠰᠠᠯᠠᠬᠤ ᠪᠠᠷ ᠭᠠᠳᠠᠭᠠᠳᠤ ᠳᠤ ᠭᠠᠷᠴᠤ ᠳᠠᠶᠢᠨ ᠬᠢᠭᠰᠡᠨ 70 ᠵᠢᠯ ᠤᠨ ᠣᠶ ᠶᠢᠨ ᠲᠠᠰᠢᠷᠠᠮ ᠳᠤ᠂ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 19 ᠤ ᠡᠳᠦᠷ ᠳᠤᠮᠳᠠᠳᠤ ᠤᠯᠤᠰ ᠤᠨ ᠠᠷᠠᠳ ᠤᠨ ᠬᠤᠪᠢᠰᠬᠠᠯᠲᠤ ᠴᠡᠷᠢᠭ ᠤᠨ ᠶᠠᠪᠤᠳᠠᠯ ᠤᠨ ᠮᠦᠽᠧᠶ ᠳᠤ ᠬᠦᠷᠴᠦ᠂ ︽ᠠᠭᠤᠤ ᠶᠡᠭᠡ ᠢᠯᠠᠯᠲᠠ ᠶᠢ ᠪᠠᠲᠤ ᠴᠡᠭᠡᠵᠢᠯᠡᠵᠦ ᠡᠩᠬᠡ ᠲᠠᠶᠢᠪᠤᠩ ᠰᠢᠳᠤᠷᠭᠤ ᠶᠣᠰᠣ ᠶᠢ ᠬᠠᠮᠠᠭᠠᠯᠠᠨᠠᠮ — ᠳᠤᠮᠳᠠᠳᠤ ᠤᠯᠤᠰ ᠤᠨ ᠠᠷᠠᠳ ᠤᠨ ᠰᠠᠶᠢᠨ ᠳᠤᠷ᠎ᠠ ᠶᠢᠨ ᠴᠡᠷᠢᠭ ᠤᠨ ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠬᠤ ᠪᠠᠷ ᠭᠠᠳᠠᠭᠠᠳᠤ ᠳᠤ ᠭᠠᠷᠴᠤ ᠳᠠᠶᠢᠨ ᠬᠢᠭᠰᠡᠨ 70 ᠵᠢᠯ ᠤᠨ ᠤᠢ ᠶᠢ ᠳᠤᠷᠠᠰᠬᠠᠬᠤ ᠭᠤᠣᠯ ᠰᠡᠳᠦᠪᠲᠦ ᠦᠵᠡᠰᠬᠦᠯᠡᠩ︾ ᠢ ᠲᠣᠭᠤᠷᠢᠨ ᠦᠵᠡᠪᠡ᠃ ᠲᠡᠷᠡ᠂ 70 ᠵᠢᠯ ᠤᠨ ᠡᠮᠦᠨ᠎ᠡ᠂ ᠡᠩᠬᠡ ᠲᠠᠶᠢᠪᠤᠩ ᠢ ᠬᠠᠮᠠᠭᠠᠯᠠᠵᠤ ᠲᠦᠷᠢᠮᠡᠬᠡᠶᠢᠯᠡᠯ ᠢ ᠡᠰᠡᠷᠭᠦᠴᠡᠬᠦ ᠶᠢᠨ ᠲᠥᠯᠥᠭᠡ᠂ ᠳᠤᠮᠳᠠᠳᠤ ᠤᠯᠤᠰ ᠤᠨ ᠨᠠᠮ ᠪᠣᠯᠤᠨ ᠵᠠᠰᠠᠭ ᠤᠨ ᠣᠷᠳᠣᠨ ᠠᠮᠧᠷᠢᠺᠠ ᠶᠢ ᠡᠰᠡᠷᠭᠦᠴᠡᠵᠥ ᠰᠣᠯᠣᠩᠭᠤᠰ ᠢ ᠲᠤᠰᠠᠯᠠᠬᠤ᠂ ᠤᠯᠤᠰ ᠭᠡᠷ ᠢᠶᠠᠨ ᠬᠠᠮᠠᠭᠠᠯᠠᠬᠤ ᠲᠡᠤᠬᠡᠲᠦ ᠴᠢᠨᠠᠷᠲᠠᠶ ᠰᠢᠢᠳᠪᠦᠷᠢᠲᠦ ᠪᠣᠳᠣᠯᠭ᠎ᠠ ᠭᠠᠷᠭᠠᠵᠤ᠂ ᠡᠷᠡᠯᠬᠡᠭ ᠪᠠᠭᠠᠳᠤᠷᠯᠢᠭ ᠳᠤᠮᠳᠠᠳᠤ ᠤᠯᠤᠰ ᠤᠨ ᠠᠷᠠᠳ ᠤᠨ ᠰᠠᠶᠢᠨ ᠳᠤᠷ᠎ᠠ ᠶᠢᠨ ᠴᠡᠷᠢᠭ ᠰᠢᠳᠤᠷᠭᠤ ᠶᠣᠰᠣᠨ ᠤ ᠲᠤᠭ ᠢ ᠥᠨᠳᠥᠷ ᠮᠠᠨᠳᠤᠭᠤᠯᠤᠨ᠂ ᠰᠣᠯᠣᠩᠭᠤᠰ ᠤᠨ ᠠᠷᠠᠳ ᠲᠦᠮᠡᠨ ᠪᠠ ᠴᠡᠷᠢᠭ ᠠᠩᠭᠢ ᠲᠠᠢ ᠬᠠᠮᠲᠤ ᠪᠠᠷ ᠦᠬᠦᠵᠦ ᠰᠡᠬᠡᠬᠦ ᠶᠢ ᠬᠠᠶᠢᠬᠤᠷᠤᠯ ᠦᠭᠡᠢ ᠪᠠᠷ ᠴᠢᠰᠤᠳᠤ ᠪᠠᠶᠢᠯᠳᠤᠭᠠᠨ ᠬᠢᠵᠦ᠂ ᠠᠮᠧᠷᠢᠺᠠ ᠶᠢ ᠡᠰᠡᠷᠭᠦᠴᠡᠵᠥ ᠰᠣᠯᠣᠩᠭᠤᠰ ᠢ ᠲᠤᠰᠠᠯᠠᠬᠤ ᠳᠠᠶᠢᠨ ᠤ ᠠᠭᠤᠤ ᠶᠡᠭᠡ ᠢᠯᠠᠯᠲᠠ ᠶᠢ ᠣᠯᠵᠤ᠂ ᠳᠡᠯᠡᠬᠡᠶ ᠶᠢᠨ ᠡᠩᠬᠡ ᠲᠠᠶᠢᠪᠤᠩ ᠪᠣᠯᠤᠨ ᠬᠥᠮᠦᠨ ᠲᠥᠷᠥᠯᠬᠢᠲᠡᠨ ᠤ ᠳᠠᠪᠰᠢᠯᠲᠤ ᠦᠶ᠋ᠯᠡᠰ ᠲᠤ ᠯᠤᠲᠤ ᠶᠡᠭᠡ ᠬᠤᠪᠢ ᠨᠡᠮᠡᠷᠢ ᠦᠵᠡᠭᠦᠯᠵᠠᠢ᠃ ᠠᠮᠧᠷᠢᠺᠠ ᠶᠢ ᠡᠰᠡᠷᠭᠦᠴᠡᠵᠥ ᠰᠣᠯᠣᠩᠭᠤᠰ ᠢ ᠲᠤᠰᠠᠯᠠᠬᠤ ᠳᠠᠶᠢᠨ ᠤ ᠢᠯᠠᠯᠲᠠ ᠪᠣᠯ ᠰᠢᠳᠤᠷᠭᠤ ᠶᠣᠰᠣᠨ ᠤ ᠢᠯᠠᠯᠲᠠ᠂ ᠡᠩᠬᠡ ᠲᠠᠶᠢᠪᠤᠩ ᠤᠨ ᠢᠯᠠᠯᠲᠠ᠂ ᠠᠷᠠᠳ ᠲᠦᠮᠡᠨ ᠤ ᠢᠯᠠᠯᠲᠠ ᠮᠥᠨ᠃ ᠠᠮᠧᠷᠢᠺᠠ ᠶᠢ ᠡᠰᠡᠷᠭᠦᠴᠡᠵᠥ ᠰᠣᠯᠣᠩᠭᠤᠰ ᠢ ᠲᠤᠰᠠᠯᠠᠬᠤ ᠳᠠᠶᠢᠨ ᠤ ᠲᠠᠪᠳᠠᠵᠦ ᠪᠦᠷᠢᠯᠳᠦᠬᠦᠯᠦᠭᠰᠡᠨ ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠬᠤ ᠠᠭᠤᠤ ᠶᠡᠭᠡ ᠵᠣᠷᠢᠭ ᠰᠠᠨᠠᠭ᠎ᠠ ᠪᠤᠯ ᠡᠷᠬᠢᠮ ᠨᠠᠨᠳᠢᠨ ᠤᠶᠤᠨ ᠤ ᠡᠳ᠋ ᠪᠠᠶᠠᠯᠢᠭ ᠮᠥᠨ᠂ ᠡᠨᠡ ᠨᠢ ᠳᠤᠮᠳᠠᠳᠤ ᠤᠯᠤᠰ ᠤᠨ ᠠᠷᠠᠳ ᠲᠦᠮᠡᠨ ᠪᠣᠯᠤᠨ ᠳᠤᠮᠳᠠᠳᠤ ᠶᠢᠨ ᠦᠨᠳᠦᠰᠦᠲᠡᠨ ᠤ ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ᠂ ᠠᠯᠢᠪᠠ ᠬᠦᠴᠦᠷᠬᠡᠭ ᠶᠡᠭᠡ ᠳᠠᠶᠢᠰᠤᠨ ᠢ ᠢᠯᠠᠨ ᠳᠠᠪᠠᠭ᠋ᠤ ᠶᠢ ᠤᠷᠮᠠᠰᠢᠭᠤᠯᠬᠤ ᠨᠢ ᠯᠠᠪᠲᠠᠶ᠃ ᠳᠤᠮᠳᠠᠳᠤ ᠤᠯᠤᠰ ᠤᠨ ᠠᠷᠠᠳ ᠤᠨ ᠰᠠᠶᠢᠨ ᠳᠤᠷ᠎ᠠ ᠶᠢᠨ ᠴᠡᠷᠢᠭ ᠤᠨ ᠪᠠᠭᠠᠲᠤᠷᠯᠢᠭ ᠦᠢᠯᠡ ᠠᠵᠢᠯᠯᠠᠭ᠎ᠠ ᠪᠣᠯᠤᠨ ᠬᠤᠪᠢᠰᠬᠠᠯᠲᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ᠂ ᠨᠠᠮ ᠤᠨ ᠲᠡᠤᠬᠡ᠂ ᠰᠢᠨ᠎ᠡ ᠳᠤᠮᠳᠠᠳᠤ ᠤᠯᠤᠰ ᠤᠨ ᠲᠡᠤᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠤᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠤᠬᠡ ᠶᠢ ᠰᠠᠶᠢᠲᠤᠷ ᠰᠤᠷᠤᠯᠴᠠᠵᠤ᠂ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠭᠦ ᠶᠢ ᠤᠷᠮᠠᠰᠢᠭᠤᠯᠵᠦ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠵᠠᠪᠠᠯ ᠢᠯᠠᠬᠤ ᠢᠲᠡᠭᠡᠯ ᠵᠣᠷᠢᠭ ᠢᠶᠠᠨ ᠪᠠᠲᠤᠳᠬᠠᠨ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠡᠮᠡᠴᠡᠯ ᠤᠨ ᠴᠢᠳᠠᠪᠤᠷᠢ ᠪᠠᠨ ᠨᠡᠮᠡᠭᠳᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠶ᠋ᠳᠪᠦᠷᠢᠲᠦ ᠢᠯᠠᠯᠲᠠ ᠶᠢ ᠣᠯᠬᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠢᠯᠠᠯᠲᠠ ᠶᠢ ᠣᠯᠬᠤ᠂ ᠳᠤᠮᠳᠠᠳᠤ ᠶᠢᠨ ᠵᠡᠭᠦᠳᠦ ᠴᠡᠷᠢᠭ ᠢ ᠬᠦᠴᠦᠷᠬᠡᠭᠵᠢᠭᠦᠯᠬᠦ ᠵᠡᠭᠦᠳᠦ ᠪᠠᠨ ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠤ᠂ ᠳᠡᠯᠡᠬᠡᠶ ᠶᠢᠨ ᠡᠩᠬᠡ ᠲᠠᠶᠢᠪᠤᠩ ᠢ ᠬᠠᠮᠠᠭᠠᠯᠠᠬᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠤ ᠴᠢᠬᠤᠯᠠᠴᠢᠯᠠᠪᠠ᠃      ᠯᠢ ᠺᠧ ᠴᠢᠶᠠᠩ᠂ ᠯᠢ ᠵᠠᠨ ᠱᠦ᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠦᠵᠡᠰᠬᠦᠯᠡᠩ ᠢ ᠲᠣᠭᠤᠷᠢᠨ ᠦᠵᠡᠪᠡ᠃
     10 ᠰᠠᠷ᠎ᠠ ᠶᠢᠨ 19 ᠤ ᠡᠳᠤᠷ᠂ ᠨᠠᠮ ᠪᠠ ᠲᠦᠷᠦ ᠶᠢᠨ ᠤᠳᠤᠷᠢᠳᠤᠯᠭ᠎ᠠ ᠰᠢ ᠶᠢᠨ ᠫᠢᠩ᠂ ᠯᠢ ᠺᠧ ᠴᠢᠶᠠᠩ ᠂ ᠯᠢ ᠵᠠᠨ ᠱᠤ᠋᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠨᠠᠷ ᠳᠤᠮᠳᠠᠳᠤ ᠤᠯᠤᠰ ᠤᠨ ᠠᠷᠠᠳ ᠤᠨ ᠬᠤᠪᠢᠰᠬᠠᠯᠲᠤ ᠴᠡᠷᠢᠭ ᠤᠨ ᠶᠠᠪᠤᠳᠠᠯ ᠤᠨ ᠮᠦᠽᠧᠶ ᠳᠤ ᠬᠦᠷᠴᠦ᠂ ︽ᠠᠭᠤᠤ ᠶᠡᠭᠡ ᠢᠯᠠᠯᠲᠠ ᠶᠢ ᠪᠠᠲᠤ ᠴᠡᠭᠡᠵᠢᠯᠡᠵᠦ ᠡᠩᠬᠡ ᠲᠠᠶᠢᠪᠤᠩ ᠰᠢᠳᠤᠷᠭᠤ ᠶᠣᠰᠣ ᠶᠢ ᠬᠠᠮᠠᠭᠠᠯᠠᠨᠠᠮ — ᠳᠤᠮᠳᠠᠳᠤ ᠤᠯᠤᠰ ᠤᠨ ᠠᠷᠠᠳ ᠤᠨ ᠰᠠᠶᠢᠨ ᠳᠤᠷ᠎ᠠ ᠶᠢᠨ ᠴᠡᠷᠢᠭ ᠤᠨ ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠬᠤ ᠪᠠᠷ ᠭᠠᠳᠠᠭᠠᠳᠤ ᠳᠤ ᠭᠠᠷᠴᠤ ᠳᠠᠶᠢᠨ ᠬᠢᠭᠰᠡᠨ 70 ᠵᠢᠯ ᠤᠨ ᠤᠢ ᠶᠢ ᠳᠤᠷᠠᠰᠬᠠᠬᠤ ᠭᠤᠣᠯ ᠰᠡᠳᠦᠪᠲᠦ ᠦᠵᠡᠰᠬᠦᠯᠡᠩ︾ ᠢ ᠲᠣᠭᠤᠷᠢᠨ ᠦᠵᠡᠪᠡ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠬᠦᠳᠡᠷᠯᠡᠪᠡ      ᠦᠳᠡ ᠶᠢᠨ ᠬᠤᠶᠢᠨᠠᠬᠢ 3 ᠴᠠᠭ 5 ᠮᠢᠨᠦ᠋ᠲ ᠲᠤ᠂ ᠰᠢ ᠶᠢᠨ ᠫᠢᠩ ᠵᠡᠷᠭᠡ ᠨᠠᠮ ᠪᠠ ᠲᠦᠷᠦ ᠶᠢᠨ ᠤᠳᠤᠷᠢᠳᠬᠤ ᠨᠥᠬᠦᠳ ᠳᠤᠮᠳᠠᠳᠤ ᠤᠯᠤᠰ ᠤᠨ ᠠᠷᠠᠳ ᠤᠨ ᠬᠤᠪᠢᠰᠬᠠᠯᠳᠤ ᠴᠡᠷᠢᠭ ᠤᠨ ᠶᠠᠪᠤᠳᠠᠯ ᠤᠨ ᠮᠦᠽᠧᠢ ᠳᠤ ᠬᠦᠷᠴᠦ᠂ ᠦᠵᠡᠭᠦᠯᠭᠡ ᠶᠢᠨ ᠲᠢᠩᠬᠢᠮ ᠳᠤ ᠣᠷᠣᠵᠤ ᠦᠵᠡᠰᠬᠦᠯᠡᠩ ᠢ ᠲᠣᠭᠤᠷᠢᠨ ᠦᠵᠡᠪᠡ᠃ ᠦᠵᠡᠰᠬᠦᠯᠡᠩ ᠨᠢ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠪᠣᠯᠤᠨ ᠬᠤᠪᠢᠰᠬᠠᠯᠲᠤ ᠪᠠᠭᠠᠲᠤᠷᠯᠢᠭ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠭᠤᠤᠯ ᠰᠡᠳᠦᠪ ᠤᠨ ᠲᠤᠭᠤᠷᠢᠨ ᠳᠤ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠠᠷᠠᠳ ᠲᠦᠮᠡᠨ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠤ ᠰᠠᠶᠢᠨ ᠳᠤᠷ᠎ᠠ ᠶᠢᠨ ᠴᠡᠷᠢᠭ ᠢᠶᠠᠷ ᠭᠤᠤᠯ ᠬᠠᠷᠠᠭᠠᠰᠤ ᠪᠣᠯᠭᠠᠵᠤ᠂ ᠳᠠᠶᠢᠨ ᠤ ᠭᠤᠤᠯ ᠰᠢᠵᠢᠮ ᠢᠶᠠᠷ ᠭᠤᠤᠯᠳᠠᠭᠤᠯᠤᠨ᠂ ᠳᠠᠶᠢᠨ ᠤ ᠲᠠᠯᠠᠪᠤᠷ ᠤᠨ ᠦᠵᠡᠯᠴᠡᠭᠡᠨ ᠢ ᠳᠣᠪᠤᠶᠢᠯᠭᠠᠵᠤ᠂ ᠤᠷᠤᠰᠢᠯ ᠤᠨ ᠲᠢᠩᠭᠢᠮ᠂ ︽ᠰᠢᠳᠤᠷᠭᠤ ᠶᠣᠰᠣ ᠶᠢ ᠵᠢᠷᠤᠮᠯᠠᠵᠦ ᠴᠡᠷᠢᠭ ᠲᠤᠮᠢᠯᠠᠬᠤ ᠪᠠᠷ ᠰᠢᠢᠳᠦᠭᠰᠡᠨ ᠨᠢ︾᠂ ︽ᠬᠦᠳᠡᠯᠭᠡᠭᠡᠨᠳᠤ ᠳᠠᠶᠢᠨ ᠢᠶᠠᠷ ᠳᠠᠶᠢᠰᠤᠨ ᠢ ᠰᠦᠨᠦᠭᠡᠵᠦ ᠳᠠᠶᠢᠨ ᠤ ᠹᠷᠤᠨᠲ ᠢ ᠲᠤᠭᠳᠠᠪᠤᠷᠢᠵᠢᠭᠤᠯᠤᠭᠰᠠᠨ ᠨᠢ︾᠂ ︽ᠪᠠᠶᠢᠯᠳᠤᠭᠠᠨ ᠢᠶᠠᠷ ᠬᠡᠯᠡᠯᠴᠡᠭᠡ ᠬᠢᠬᠦ ᠶᠢ ᠠᠬᠢᠭᠤᠯᠵᠦ ᠪᠠᠶᠢᠯᠳᠤᠬᠤ ᠲᠤᠲᠤᠮ ᠬᠦᠴᠦᠷᠬᠡᠭᠵᠢᠭᠰᠡᠨ ᠨᠢ︾᠂ ︽ᠲᠠᠶᠢᠨ ᠢ ᠵᠣᠭᠰᠣᠭᠠᠵᠤ ᠢᠯᠠᠯᠲᠠ ᠲᠠᠢ ᠪᠠᠷ ᠤᠯᠤᠰ ᠲᠠᠭᠠᠨ ᠪᠤᠴᠠᠭᠰᠠᠨ ᠨᠢ ︾᠂ ︽ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠬᠤ ᠲᠡᠶᠢᠨ ᠤ ᠢᠯᠠᠯᠲᠠ ᠶᠢ ᠤᠯᠤᠭᠰᠠᠨ ᠠᠭᠤᠤ ᠶᠡᠭᠡ ᠠᠴᠢ ᠬᠤᠯᠪᠣᠭᠳᠠᠯ ᠪᠠ ᠲᠡᠤᠬᠡᠲᠦ ᠬᠤᠪᠢ ᠨᠡᠮᠡᠷᠢ᠂ ᠲᠡᠭᠦᠰᠬᠡᠯ ᠤᠨ ᠦᠭᠡ ᠵᠡᠷᠭᠡ 7 ᠬᠡᠰᠡᠭ ᠢᠶᠠᠷ ᠨᠠᠷᠢᠯᠢᠭ ᠲᠦᠰᠦᠪᠯᠡᠵᠦ᠂ ︽ᠣᠭ ᠰᠠᠨᠠᠭ᠎ᠠ ᠪᠠᠨ ᠥᠯᠥ ᠮᠠᠷᠲᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠦᠨᠢ ᠡᠭᠦᠷᠢᠳᠡ ᠲᠡᠮᠡᠴᠡᠬᠦ︾ ᠲᠤᠰᠬᠠᠶ ᠰᠡᠳᠦᠪ ᠳᠣᠭᠢᠷᠠᠭᠤᠯᠤᠨ᠂ 540 ᠭᠠᠷᠤᠢ ᠭᠡᠷᠡᠯ ᠵᠢᠷᠤᠭ᠂ 1900 ᠭᠠᠷᠤᠢ ᠲᠡᠤᠬᠡ ᠶᠢᠨ ᠳᠤᠷᠠᠰᠬᠠᠯᠲᠤ ᠵᠦᠶ᠋ᠯ ᠵᠢᠴᠢ ᠶᠡᠭᠡ ᠬᠡᠮᠵᠢᠶᠡᠨ ᠤ ᠸᠢᠳᠢᠣ᠋᠂ ᠪᠣᠳᠠᠲᠤ ᠪᠣᠳᠠᠰ ᠤᠨ ᠦᠵᠡᠮᠵᠢ ᠵᠡᠷᠭᠡ ᠪᠠᠷ ᠳᠠᠮᠵᠢᠨ ᠴᠢᠬᠤᠯᠠ ᠶᠡᠭᠡ ᠰᠢᠶ᠋ᠳᠪᠦᠷᠢᠲᠦ ᠪᠣᠳᠣᠯᠭ᠎ᠠ ᠲᠣᠭᠲᠠᠭᠠᠭᠰᠠᠨ ᠶᠠᠪᠤᠴᠠ᠂ ᠴᠢᠬᠤᠯᠠ ᠶᠡᠭᠡ ᠲᠡᠤᠬᠡᠨ ᠬᠡᠷᠡᠭ ᠶᠠᠪᠤᠳᠠᠯ᠂ ᠴᠢᠬᠤᠯᠠ ᠳᠠᠶᠢᠨ ᠪᠠᠶᠢᠯᠳᠤᠭᠠᠨ᠂ ᠴᠢᠬᠤᠯᠠ ᠲᠡᠤᠬᠡᠳᠦ ᠬᠥᠮᠦᠰ ᠢ ᠭᠦᠶ᠋ᠴᠡᠳ ᠦᠵᠡᠬᠦᠯᠦᠭᠰᠡᠨ ᠪᠦᠭᠡᠳ ᠤᠯᠤᠰ ᠲᠥᠷᠥ᠂ ᠠᠵᠤ ᠠᠬᠤᠶ᠂ ᠭᠠᠳᠠᠭᠠᠳᠤ ᠬᠠᠷᠢᠯᠴᠠᠭ᠎ᠠ ᠵᠡᠷᠭᠡ ᠲᠠᠯ᠎ᠠ ᠶᠢᠨ ᠲᠡᠮᠡᠴᠡᠯ ᠢ ᠴᠤ ᠵᠡᠷᠭᠡ ᠪᠠᠷ ᠦᠵᠡᠬᠦᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠮᠧᠷᠢᠺᠠ ᠶᠢ ᠡᠰᠡᠷᠭᠦᠴᠡᠵᠥ ᠰᠣᠯᠣᠩᠭᠤᠰ ᠢ ᠲᠤᠰᠠᠯᠠᠬᠤ ᠳᠠᠶᠢᠨ ᠢ ᠤᠳᠤᠷᠢᠳᠤᠭᠰᠠᠨ ᠭᠡᠷᠡᠯ ᠰᠠᠴᠤᠷᠠᠩᠭᠤᠶ ᠥᠩᠭᠡᠷᠡᠯᠲᠡ ᠪᠣᠯᠤᠨ ᠡᠷᠬᠢᠮ ᠨᠠᠨᠳᠢᠨ ᠲᠤᠷᠰᠢᠯᠭ᠎ᠠ ᠶᠢ ᠪᠦᠬᠦ ᠲᠠᠯ᠎ᠠ ᠪᠠᠷ ᠡᠷᠭᠢᠴᠡᠭᠦᠯᠤᠨ᠂ ᠠᠮᠧᠷᠢᠺᠠ ᠶᠢ ᠡᠰᠡᠷᠭᠦᠴᠡᠵᠥ ᠰᠣᠯᠣᠩᠭᠤᠰ ᠢ ᠲᠤᠰᠠᠯᠠᠬᠤ ᠠᠭᠤᠤ ᠶᠡᠭᠡ ᠵᠣᠷᠢᠭ ᠰᠠᠨᠠᠭᠠᠨ ᠤ ᠪᠠᠶᠠᠯᠢᠭ ᠠᠭᠤᠯᠤᠭᠳᠠᠬᠤᠨ ᠪᠣᠯᠤᠨ ᠴᠠᠭ ᠦᠶ᠎ᠡ ᠶᠢᠨ ᠦᠨ᠎ᠡ ᠥᠷᠲᠡᠭ ᠢ ᠠᠮᠢᠳᠤᠯᠢᠭ ᠢᠶᠠᠷ ᠲᠤᠰᠬᠠᠵᠤ᠂ ᠰᠠᠶᠢᠨ ᠳᠤᠷ᠎ᠠ ᠶᠢᠨ ᠴᠡᠷᠢᠭ ᠤᠨ ᠳᠠᠷᠤᠭ᠎ᠠ ᠪᠠᠶᠢᠯᠳᠤᠭᠴᠢ ᠶᠢᠨ ᠡᠷᠡᠯᠬᠡᠭ ᠵᠣᠷᠢᠭ ᠪᠤᠯᠤᠨ ᠬᠦᠴᠦᠷᠬᠡᠭ ᠳᠠᠶᠢᠰᠤᠨ ᠠᠴᠠ ᠰᠦᠷᠳᠡᠬᠦ ᠦᠭᠡᠢ᠂ ᠬᠦᠴᠦᠷᠬᠡᠭ ᠳᠠᠶᠢᠰᠤᠨ ᠢ ᠢᠯᠠᠬᠤ ᠵᠣᠷᠢᠭ ᠰᠠᠨᠠᠭᠠᠨ ᠤ ᠳᠠᠪᠠᠭᠤᠯᠢᠭ ᠢ ᠭᠤᠤᠯᠳᠠᠯᠭ᠎ᠠ ᠲᠠᠢ ᠬᠠᠷᠠᠭᠤᠯᠵᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠥᠰᠢᠶᠡᠲᠡᠨ ᠳᠠᠶᠢᠰᠤᠨ ᠢ ᠬᠠᠮᠲᠤ ᠪᠠᠷ ᠬᠤᠷᠣᠰᠤᠨ ᠲᠦᠮᠡᠨ ᠣᠯᠠᠨ ᠢᠶᠠᠷ ᠢᠶᠠᠨ ᠰᠡᠳᠬᠢᠯ ᠨᠢᠭᠡᠳᠬᠦ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠬᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠦᠴᠦᠷᠭᠡᠭᠯᠡᠯ ᠠᠴᠠ ᠰᠦᠷᠳᠡᠬᠦ ᠦᠭᠡᠢ᠂ ᠡᠩᠬᠡ ᠲᠠᠶᠢᠪᠤᠩ ᠢ ᠬᠠᠮᠠᠭᠠᠯᠠᠬᠤ ᠡᠷᠡᠰ ᠪᠠᠲᠤ ᠵᠣᠷᠢᠭ ᠢ ᠬᠠᠷᠠᠭᠤᠯᠤᠭᠰᠠᠨ ᠪᠠᠶᠢᠨ᠎ᠠ᠃      ᠰᠠᠶᠢᠨ ᠳᠤᠷ᠎ᠠ ᠶᠢᠨ ᠴᠡᠷᠢᠭ ᠤᠨ ᠪᠠᠶᠢᠯᠳᠤᠭᠠᠨ ᠤ ᠳᠠᠭᠤᠤ ᠶᠢᠨ ᠬᠤᠪᠣᠷ ᠨᠠᠨᠳᠢᠨ ᠪᠢᠴᠢᠮᠡᠯ ᠡᠬᠡ ᠨᠤᠤᠷᠠᠭ᠂ ᠰᠤᠩᠭᠦ᠋ ᠤᠷᠭᠢᠯ ᠳᠤ ᠰᠢᠷᠦᠭᠦᠨ ᠲᠤᠯᠤᠯᠳᠤᠬᠰᠠᠠ ᠪᠠᠶᠢᠲᠠᠯ ᠢ ᠦᠵᠡᠬᠦᠯᠦᠭᠰᠡᠨ ᠲᠣᠰᠣᠨ ᠪᠤᠳᠤᠬ ᠤᠨ ᠵᠢᠷᠤᠭ᠂ ᠴᠠᠩᠵᠢᠨ ᠨᠠᠭᠤᠷ ᠤᠨ ᠰᠢᠷᠦᠭᠦᠨ ᠪᠠᠶᠢᠯᠲᠤᠭᠠᠠ᠂ ᠱᠠᠩ ᠭᠠᠨ ᠯᠢᠩ ᠳᠠᠪᠠᠭ᠎ᠠ ᠳᠤ ᠴᠢᠰᠦᠲᠦ ᠪᠠᠶᠢᠯᠲᠤᠭᠠᠠ ᠬᠢᠭᠰᠡᠡ ᠵᠡᠷᠭᠡ ᠶᠢ ᠳᠤᠰᠬᠠᠭᠰᠠᠠ ᠦᠵᠡᠮᠵᠢ᠂ ᠣᠨᠴᠠ ᠲᠡᠰ ᠤᠨ ᠪᠠᠭᠠᠲᠤᠷ ᠬᠤᠸᠠᠩ ᠵᠢᠶ ᠭᠤᠸᠠᠩ ᠤᠨ ᠪᠡᠶ᠎ᠡ ᠦᠷᠡᠭᠳᠡᠭᠰᠡᠨ ᠭᠠᠵᠠᠷ ᠠᠴᠠ ᠮᠠᠯᠲᠠᠵᠤ ᠭᠠᠷᠭᠠᠭᠰᠠᠨ ᠳᠡᠯᠪᠡᠴᠢᠬᠦ ᠰᠢᠳᠠᠮ ᠤᠨ ᠲᠠᠮᠲᠤᠭ᠂ ᠣᠯᠵᠠᠯᠠᠭᠰᠠᠨ ᠵᠡᠪᠰᠡᠭ ᠲᠣᠨᠣᠭᠯᠠᠯ᠂ ᠤᠯᠤᠰ ᠤᠨ ᠳᠣᠲᠣᠭᠠᠳᠤ ᠳᠤ ᠳᠠᠶᠢᠨ ᠳᠤ ᠣᠷᠣᠯᠴᠠᠵᠤ ᠡᠮᠦᠨ᠎ᠡ ᠹᠷᠣᠨᠲ ᠢ ᠳᠡᠮᠵᠢᠭᠦ ᠦᠷᠨᠢᠯᠲᠠ ᠭᠠᠷᠭᠠᠭᠰᠠᠠ ᠪᠠᠶᠢᠳᠠᠯ ᠢ ᠬᠠᠷᠠᠭᠤᠯᠤᠭᠰᠠᠠ ᠲᠡᠤᠬᠡᠨ ᠭᠡᠷᠡᠯ ᠵᠢᠷᠤᠭ᠂ ᠰᠣᠯᠣᠩᠭᠤᠰ ᠤᠨ ᠳᠠᠶᠢᠨ ᠵᠣᠭᠰᠣᠬᠤ ᠬᠡᠯᠡᠯᠴᠡᠭᠡᠷ ᠤᠨ ᠭᠠᠷ ᠤᠨ ᠦᠰᠦᠭ ᠵᠢᠷᠤᠬᠤ ᠶᠣᠰᠣᠯᠠᠯ ᠤᠨ ᠲᠤᠬᠠᠶ ᠶᠢᠨ ᠲᠠᠯᠠᠪᠠᠶ ᠳᠤ ᠬᠡᠷᠡᠭᠯᠡᠭᠰᠡᠡ ᠪᠢᠴᠢᠭ ᠤᠨ ᠬᠡᠷᠡᠭᠰᠡᠯ᠂ ᠰᠣᠯᠣᠩᠭᠤᠰ ᠤᠨ ᠠᠷᠠᠳ ᠲᠦᠮᠡᠨ ᠤ ᠰᠠᠶᠢᠨ ᠳᠤᠷ᠎ᠠ ᠶᠢᠨ ᠴᠡᠷᠢᠭ ᠲᠤ ᠬᠦᠷᠭᠡᠭᠰᠡᠨ ᠪᠡᠯᠡᠭ᠂ ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠭᠰᠠᠨ ᠵᠢᠱᠢᠶᠡᠴᠢ ᠶᠢᠨ ᠨᠡᠷᠡᠰ ᠢ ᠰᠡᠶᠢᠯᠦᠭᠰᠡᠨ ᠰᠢᠯ ᠬᠥᠰᠢᠭᠡᠲᠦ ᠬᠡᠷᠡᠮ ᠁ ᠡᠯᠪᠡᠭ ᠪᠠᠶᠠᠯᠢᠭ ᠲᠡᠦᠬᠡ ᠶᠢᠨ ᠳᠤᠷᠠᠰᠬᠠᠯᠲᠤ ᠵᠦᠢᠯ᠂ ᠨᠠᠷᠢᠨ ᠪᠣᠳᠠᠲᠠᠢ ᠲᠤᠯᠭᠤᠷ ᠪᠢᠴᠢᠭ ᠤᠨ ᠮᠠᠲ᠋ᠧᠷᠢᠶᠠᠯ᠂ ᠰᠢᠨ᠎ᠡ ᠰᠡᠪᠡᠭᠦᠨ ᠳᠡᠯᠭᠡᠨ ᠦᠵᠡᠭᠦᠯᠬᠦ ᠠᠷᠭ᠎ᠠ ᠪᠠᠷᠢᠯ ᠨᠢ ᠰᠢ ᠶᠢᠨ ᠫᠢᠩ ᠵᠡᠷᠭᠡ ᠤᠳᠤᠷᠢᠳᠬᠤ ᠨᠥᠬᠦᠳ ᠤᠨ ᠠᠩᠬᠠᠷᠤᠯ ᠢ ᠲᠠᠲᠠᠪᠠ᠃ ᠲᠡᠳᠡ ᠪᠠᠶᠢᠨ ᠪᠠᠶᠢᠨ ᠵᠣᠭᠰᠣᠨ ᠨᠠᠷᠢᠨ ᠠᠵᠢᠠᠠᠯᠠᠵᠤ᠂ ᠲᠠᠶᠢᠯᠪᠤᠷᠢᠯᠠᠯᠲᠠ ᠶᠢ ᠬᠢᠨᠠᠮᠠᠭᠠᠢ ᠰᠣᠨᠣᠰᠴᠤ᠂ ᠬᠤᠯᠪᠣᠭᠳᠠᠯ ᠪᠦᠬᠦᠢ ᠪᠠᠶᠢᠳᠠᠯ ᠢ ᠨᠠᠷᠢᠨ ᠠᠰᠠᠭᠤᠨ ᠯᠠᠪᠯᠠᠵᠦ ᠪᠠᠶᠢᠯ᠎ᠠ᠃      ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠨᠠᠮ ᠤᠨ ᠲᠥᠪ ᠬᠤᠷᠢᠶᠠᠨ ᠤ ᠱᠦᠵᠢ ᠨᠡᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶᠠᠨ ᠤ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠪᠡᠭᠡᠵᠢᠩ ᠳᠤ ᠪᠠᠶᠢᠭ᠎ᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠭᠡᠰᠢᠭᠦᠳ ᠦᠵᠡᠰᠬᠦᠯᠡᠩ ᠢ ᠲᠣᠭᠤᠷᠢᠨ ᠦᠵᠡᠵᠠᠢ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号