ᠰᠢ ᠶᠢᠨ ᠫᠢᠩ ᠪᠦᠬᠦ ᠤᠯᠤᠰ ᠤᠨ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠳᠠ ︵ᠰᠢᠶᠠᠨ︶ ᠪᠠᠷ ᠨᠡᠷᠡᠶᠢᠳᠬᠦ ᠵᠢᠴᠢ ᠬᠤᠶᠠᠷ ᠢ ᠬᠦᠷᠢᠶᠡᠯᠡᠭᠰᠡᠨ ᠵᠢᠱᠢᠶᠡᠴᠢ ᠨᠢᠭᠡᠴᠢ ᠪᠤᠯᠤᠨ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠲᠥᠯᠥᠭᠡᠯᠡᠭᠴᠢᠳ ᠲᠠᠢ ᠠᠭᠤᠯᠵᠠᠪᠠ
ᠨᠡᠶᠢᠲᠡᠯᠡᠭᠰᠡᠨ ᠴᠠᠭ᠄
2020/10/21
     ᠯᠢ ᠺᠧ ᠴᠢᠶᠠᠩ ᠠᠭᠤᠯᠵᠠᠯᠲᠠ ᠳᠤ ᠣᠷᠣᠯᠴᠠᠭᠰᠠᠨ ᠪᠥᠭᠡᠳ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ ᠶᠠᠷᠢᠶ᠎ᠠ ᠲᠠᠯᠪᠢᠪᠠ ᠸᠠᠩ ᠬᠤ᠋ ᠨᠢᠩ ᠠᠭᠤᠯᠵᠠᠯᠲᠠ ᠳᠤ ᠣᠷᠣᠯᠴᠠᠵᠠᠢ      ᠪᠦᠬᠦ ᠤᠯᠤᠰ ᠤᠨ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠳᠠ ︵ᠰᠢᠶᠠᠨ︶ ᠪᠠᠷ ᠨᠡᠷᠡᠶᠢᠳᠬᠦ ᠵᠢᠴᠢ ᠬᠤᠶᠠᠷ ᠢ ᠬᠦᠷᠢᠶᠡᠯᠡᠭᠰᠡᠨ ᠵᠢᠱᠢᠶᠡᠴᠢ ᠨᠢᠭᠡᠴᠢ ᠪᠣᠯᠤᠨ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ 20 ᠤ ᠦᠳᠡ ᠶᠢᠨ ᠡᠮᠦᠨ᠎ᠡ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠵᠤ᠂ ᠲᠡᠳᠡ ᠨᠠᠷ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ᠂ ᠨᠡᠷᠡᠶᠢᠳᠴᠦ ᠬᠥᠬᠢᠭᠦᠯᠦᠭᠳᠡᠭᠰᠡᠨ ᠪᠥᠬᠦ ᠤᠯᠤᠰ ᠤᠨ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ ︵ᠰᠢᠶᠠᠨ︶ ᠵᠢᠴᠢ ᠬᠤᠶᠠᠷ ᠢ ᠬᠦᠷᠢᠶᠡᠯᠡᠭᠰᠡᠨ ᠵᠢᠱᠢᠶᠡᠴᠢ ᠨᠢᠭᠡᠴᠢ ᠪᠠ ᠬᠤᠪᠢ ᠬᠥᠮᠦᠨ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃
     10 ᠰᠠᠷ᠎ᠠ ᠶᠢᠨ 20 ᠤ ᠡᠳᠤᠷ᠂ ᠨᠠᠮ ᠪᠠ ᠲᠦᠷᠦ ᠶᠢᠨ ᠤᠳᠤᠷᠢᠳᠤᠯᠭ᠎ᠠ ᠰᠢ ᠶᠢᠨ ᠫᠢᠩ᠂ ᠯᠢ ᠺᠧ ᠴᠢᠶᠠᠩ ᠂ ᠸᠠᠩ ᠬᠤ᠋ ᠨᠢᠩ ᠨᠠᠷ ᠪᠡᠬᠡᠵᠢᠩ ᠳᠤ ᠪᠦᠬᠦ ᠤᠯᠤᠰ ᠤᠨ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠳᠠ ︵ᠰᠢᠶᠠᠨ︶ ᠪᠠᠷ ᠨᠡᠷᠡᠶᠢᠳᠬᠦ ᠵᠢᠴᠢ ᠬᠤᠶᠠᠷ ᠢ ᠬᠦᠷᠢᠶᠡᠯᠡᠭᠰᠡᠨ ᠵᠢᠱᠢᠶᠡᠴᠢ ᠨᠢᠭᠡᠴᠢ ᠪᠤᠯᠤᠨ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠲᠥᠯᠥᠭᠡᠯᠡᠭᠴᠢᠳ ᠲᠠᠢ ᠠᠭᠤᠯᠵᠠᠪᠠ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠰᠢᠤᠸᠠᠢ ᠷᠧᠨ ᠰᠡᠬᠦᠳᠡᠷᠯᠡᠪᠡ      ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ ᠠᠭᠤᠯᠵᠠᠯᠲᠠ ᠳᠤ ᠣᠷᠣᠯᠴᠠᠭᠰᠠᠨ ᠪᠥᠭᠡᠳ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ ᠶᠠᠷᠢᠶ᠎ᠠ ᠲᠠᠯᠪᠢᠪᠠ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ ᠸᠠᠩ ᠬᠤ᠋ ᠨᠢᠩ ᠠᠭᠤᠯᠵᠠᠯᠲᠠ ᠳᠤ ᠣᠷᠣᠯᠴᠠᠵᠠᠢ᠃      ᠦᠳᠡ ᠶᠢᠨ ᠡᠮᠦᠨᠡᠬᠢ 10 ᠴᠠᠭ ᠲᠤ᠂ ᠰᠢ ᠶᠢᠨ ᠫᠢᠩ ᠨᠡᠷ ᠵᠢᠩ ᠰᠢ ᠵᠣᠴᠢᠳ ᠤᠨ ᠪᠠᠭᠤᠳᠠᠯ ᠤᠨ ᠬᠤᠷᠠᠯ ᠤᠨ ᠠᠰᠠᠷ ᠤᠨ ᠡᠮᠦᠨ᠎ᠡ ᠲᠢᠩᠬᠢᠮ ᠳᠤ ᠬᠦᠷᠬᠦ ᠳᠤ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠪᠠ᠃ ᠰᠢ ᠶᠢᠨ ᠫᠢᠩ ᠨᠡᠷ ᠲᠥᠯᠥᠭᠡᠯᠡᠭᠴᠢᠳ ᠤᠨ ᠳᠤᠮᠳᠠ ᠬᠦᠷᠴᠦ᠂ ᠤᠯᠠᠨ ᠲᠠᠢ ᠳᠣᠲᠣᠨᠣ ᠪᠠᠷ ᠶᠠᠷᠢᠯᠴᠠᠭᠰᠠᠨ ᠪᠥᠭᠡᠳ ᠬᠠᠮᠲᠤ ᠶᠢᠨ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠵᠠᠢ᠃      ᠯᠢ ᠺᠧ ᠴᠢᠶᠠᠩ ᠶᠠᠷᠢᠶᠠᠨ ᠳᠠᠭᠠᠨ ᠡᠩ ᠲᠡᠷᠢᠭᠦᠨ ᠳᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠨᠡᠷᠡᠶᠢᠳᠦᠭᠳᠡᠭᠰᠡᠨ ᠭᠠᠵᠠᠷ ᠣᠷᠣᠨ ᠪᠣᠯᠤᠨ ᠬᠥᠬᠢᠭᠦᠯᠦᠭᠳᠡᠨ ᠰᠠᠶᠢᠰᠢᠶᠠᠭᠳᠠᠭᠰᠠᠨ ᠨᠢᠭᠡᠴᠢ ᠪᠣᠯᠤᠨ ᠬᠤᠪᠢ ᠬᠥᠮᠦᠨ ᠳᠤ ᠬᠠᠯᠠᠭᠤᠨ ᠪᠠᠶᠠᠷ ᠬᠦᠷᠭᠡᠵᠦ᠂ ᠠᠷᠠᠳ ᠤᠨ ᠴᠢᠯᠥᠭᠡᠯᠡᠬᠦ ᠴᠡᠷᠢᠭ ᠤᠨ ᠵᠢᠯᠣᠭᠤᠳᠤᠭᠴᠢ ᠪᠠᠶᠢᠯᠳᠤᠭᠴᠢ᠂ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢ᠂ ᠡᠷᠦᠬᠡ ᠶᠢᠨ ᠴᠡᠷᠢᠭ ᠤᠨ ᠪᠡᠯᠡᠳᠬᠡᠯ ᠠᠯᠪᠠᠨ ᠤ ᠬᠥᠮᠦᠰ᠂ ᠴᠡᠷᠢᠭ ᠠᠩᠭᠢ ᠶᠢᠨ ᠠᠵᠢᠯᠲᠠᠨ ᠠᠵᠢᠯᠴᠢᠨ᠂ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ᠂ ᠵᠡᠮᠳᠡᠭ ᠴᠡᠷᠢᠭ᠂ ᠴᠡᠷᠢᠭ ᠠᠴᠠ ᠰᠢᠯᠵᠢᠭᠰᠡᠨ ᠴᠡᠷᠢᠭ ᠠᠴᠠ ᠬᠠᠯᠠᠭᠳᠠᠭᠰᠠᠨ ᠴᠡᠷᠢᠭ ᠤᠨ ᠠᠯᠪᠠᠨ ᠠᠴᠠ ᠪᠠᠭᠤᠬᠰᠠᠨ ᠴᠡᠷᠢᠭ ᠪᠤᠯᠤᠨ ᠴᠡᠷᠢᠭ ᠠᠩᠭᠢ ᠶᠢᠨ ᠠᠵᠢᠯ ᠠᠴᠠ ᠪᠠᠨ ᠲᠠᠷᠬᠠᠯᠠᠬᠳᠠᠬᠰᠠᠨ ᠠᠵᠢᠯ ᠠᠴᠠ ᠪᠠᠨ ᠠᠮᠠᠷᠠᠭᠰᠠᠨ ᠺᠠᠳ᠋ᠷ᠂ ᠬᠤᠶᠠᠷ ᠢ ᠬᠦᠷᠢᠶᠡᠯᠡᠬᠦ ᠠᠵᠢᠯ ᠤᠨ ᠹᠷᠣᠨᠲ ᠤᠨ ᠨᠥᠬᠦᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠬᠦᠯᠵᠥ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠭᠢ ᠶᠢᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠵᠦ ᠪᠠᠶᠢᠭ᠎ᠠ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃      ᠯᠢ ᠺᠧ ᠴᠢᠶᠠᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠴᠡᠷᠢᠭ ᠠᠩᠭᠢ ᠶᠢᠨ ᠪᠦᠳᠦᠭᠡᠨ ᠪᠠᠶᠢᠭᠤᠯᠤᠯᠲᠠ ᠥᠭᠡᠷᠡᠴᠢᠯᠡᠯᠲᠡ ᠶᠢ ᠢᠳᠡᠪᠬᠢᠲᠡᠢ ᠳᠡᠮᠵᠢᠭᠰᠡᠡ ᠪᠦᠭᠡᠳ ᠲᠡᠭᠦᠨ ᠳᠤ ᠦᠢᠯᠡᠴᠢᠯᠡᠬᠦ ᠶᠢ ᠪᠠᠲᠤᠯᠠᠵᠦ᠂ ᠬᠠᠷᠠᠭᠠᠯᠵᠠᠵᠤ ᠲᠥᠪᠬᠢᠨᠡᠭᠦᠯᠬᠦ ᠶᠢ ᠴᠢᠨᠠᠭᠰᠢᠲᠠ ᠪᠠᠳᠤᠯᠠᠨ ᠴᠢᠩᠭᠠᠳᠬᠠᠪᠠ᠂ ᠴᠡᠷᠢᠭ ᠠᠩᠭᠢ ᠶᠢᠨ ᠬᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠡᠮᠵᠢᠬᠦ ᠳᠤ ᠢᠳᠡᠪᠬᠢᠲᠡᠶ ᠵᠢᠳᠬᠦᠯ ᠴᠢᠷᠮᠠᠶᠢᠯᠭ᠎ᠠ ᠭᠠᠷᠭᠠᠨ᠂ ᠬᠦᠨᠳᠦ ᠶᠡᠭᠡ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠ ᠭᠡᠨᠡᠳᠲᠡ ᠶᠢᠨ ᠬᠡᠷᠡᠭ ᠢ ᠠᠷᠭᠠᠴᠠᠭᠠᠬᠤ ᠳᠤ ᠬᠤᠰᠢᠭᠤᠴᠢ ᠪᠣᠯᠵᠠᠢ᠂ ᠡᠨᠡ ᠵᠢᠯ ᠤᠨ ᠬᠢᠵᠢᠭ ᠤᠨ ᠪᠠᠶᠢᠳᠠᠯ ᠤᠨ ᠡᠮᠦᠨ᠎ᠠ ᠠᠷᠠᠳ ᠤᠨ ᠬᠡᠤᠬᠡᠳ ᠳᠡᠭᠦᠤ ᠨᠡᠷ ᠴᠡᠷᠢᠭ ᠵᠠᠷᠯᠢᠭ ᠢ ᠲᠤᠰᠤᠮᠠᠬᠴᠠ ᠪᠠᠨ ᠬᠥᠳᠡᠯᠦᠯᠴᠡᠨ ᠬᠠᠲᠠᠭᠤ ᠪᠠᠶᠢᠯᠳᠤᠭᠠᠨ ᠬᠢᠵᠦ᠂ ᠥᠷᠭᠡᠨ ᠣᠯᠠᠨ ᠴᠡᠷᠢᠭ ᠠᠷᠠᠳ ᠭᠠᠷ ᠬᠤᠯᠪᠣᠨ ᠰᠡᠳᠬᠢᠯ ᠨᠢᠭᠡᠳᠴᠦ ᠴᠠᠬ ᠤᠨ ᠪᠡᠷᠭᠡ ᠶᠢ ᠬᠠᠮᠲᠤ ᠪᠠᠷ ᠲᠤᠭᠤᠯᠤᠨ᠂ ᠬᠢᠵᠢᠭ ᠲᠠᠢ ᠲᠡᠮᠡᠴᠡᠬᠦ ᠲᠡᠮᠡᠴᠡᠯ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠦᠷ᠎ᠡ ᠪᠦᠳᠦᠭᠡᠯ ᠢ ᠣᠯᠵᠤ᠂ ᠴᠡᠷᠢᠭ ᠠᠩᠬᠢ ᠵᠠᠰᠠᠭ ᠤᠨ ᠤᠷᠳᠤᠨ ᠪᠤᠯᠤᠨ ᠴᠡᠷᠢᠭ ᠠᠷᠠᠳ ᠤᠨ ᠪᠦᠯᠬᠦᠮᠳᠡᠯ ᠤᠨ ᠬᠦᠴᠦᠷᠬᠡᠭ ᠶᠡᠭᠡ ᠬᠦᠴᠦᠨ ᠢ ᠦᠵᠡᠬᠦᠯᠵᠠᠢ ᠭᠡᠵᠦ ᠬᠡᠯᠡᠪᠡ᠃      ᠯᠢ ᠺᠧ ᠴᠢᠶᠠᠩ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠵᠠᠮ ᠬᠠᠷᠢᠯᠴᠠᠭ᠎ᠠ ᠲᠡᠭᠡᠭᠡᠪᠦᠷᠢ᠂ ᠠᠷᠤ ᠲᠠᠯ᠎ᠠ ᠶᠢᠨ ᠬᠠᠩᠭᠠᠯᠭ᠎ᠠ ᠵᠡᠷᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠬᠢᠯᠢ ᠬᠢᠵᠠᠭᠠᠷ ᠲᠠᠯᠠᠢ ᠶᠢᠨ ᠠᠷᠠᠯ ᠳᠤ ᠰᠠᠭᠤᠭ᠎ᠠ ᠴᠡᠷᠢᠭ ᠠᠩᠭᠢ ᠶᠢᠨ ᠲᠠᠷᠤᠭ᠎ᠠ ᠪᠠᠶᠢᠯᠳᠤᠭᠴᠢᠳ ᠤᠨ ᠵᠢᠵᠢᠭᠦᠷᠯᠡᠭᠡ ᠪᠠ ᠠᠵᠢᠯ ᠠᠮᠢᠳᠤᠷᠠᠯ ᠤᠨ ᠨᠥᠬᠦᠴᠡᠯ ᠢ ᠬᠠᠪᠰᠤᠷᠤᠨ ᠰᠠᠶᠢᠵᠢᠷᠠᠭᠤᠯᠬᠤ ᠬᠡᠷᠡᠭᠲᠡᠢ᠃ ᠥᠩᠭᠡᠷᠡᠭᠰᠡᠨ ᠲᠠᠢ ᠪᠠᠨ ᠠᠳᠠᠯᠢ ᠪᠠᠷ ᠴᠡᠷᠢᠭ ᠪᠠ ᠲᠡᠲᠡᠡ ᠤ ᠭᠡᠷ ᠪᠦᠯᠢ ᠶᠢᠨ ᠬᠢᠨ ᠤ ᠬᠦᠴᠢᠷ ᠵᠤᠪᠠᠭᠤᠷᠢ ᠶᠢ ᠰᠢᠢᠳᠪᠦᠷᠢᠯᠡᠡ ᠦᠭᠴᠤ᠂ ᠥᠷᠭᠡᠨ ᠤᠯᠠᠨ ᠳᠠᠷᠤᠭ᠎ᠠ ᠪᠠᠶᠢᠯᠳᠤᠭᠴᠢ ᠶᠢ ᠬᠤᠶᠢᠰᠢᠳᠠ ᠶᠢᠨ ᠢᠶᠠᠨ ᠤᠴᠢᠷ ᠲᠤ ᠵᠤᠪᠠᠭ᠋ᠤ ᠦᠭᠡᠢ᠂ ᠠᠷᠤ ᠭᠡᠷ ᠤᠨ ᠢᠶᠠᠨ ᠲᠥᠯᠥᠭᠡ ᠰᠡᠳᠬᠢᠯ ᠬᠤᠪᠢᠶᠠᠭᠳᠠᠬᠤ ᠦᠭᠡᠢ᠂ ᠬᠤᠶᠢᠴᠢ ᠦᠶ᠎ᠡ ᠶᠢᠨ ᠢᠶᠠᠨ ᠲᠥᠯᠥᠭᠡ ᠰᠠᠨᠠᠭ᠎ᠠ ᠵᠣᠪᠠᠭ᠋ᠤ ᠦᠭᠡᠢ ᠪᠣᠯᠭᠠᠬᠤ ᠭᠡᠷᠡᠭᠲᠡᠢ᠃ ᠡᠨᠡ ᠵᠢᠯ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠳᠤ ᠬᠦᠴᠢᠷᠳᠡᠯ ᠨᠠᠩ ᠲᠣᠪᠤᠶᠢᠮ᠎ᠠ ᠪᠤᠯᠵᠤ ᠪᠠᠶᠢᠨ᠎ᠠ᠂ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠨᠡᠩ ᠣᠨᠣᠪᠴᠢᠲᠠᠢ ᠪᠠᠷ ᠴᠠᠭ ᠲᠤᠬᠠᠢ ᠳᠤᠨᠢ ᠠᠵᠢᠯ ᠣᠯᠭᠤᠬᠤ ᠦᠢᠯᠡᠰ ᠪᠤᠰᠬᠠᠬᠤ ᠦᠢᠯᠡᠴᠢᠯᠡᠭᠡ ᠪᠤᠯᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠬᠠᠩᠭᠠᠵᠤ᠂ ᠲᠡᠳᠡᠨ ᠤ ᠠᠵᠢᠯ ᠤᠯᠬᠤ ᠠᠴᠠ ᠭᠠᠵᠠᠷ ᠲᠠᠢ᠂ ᠦᠢᠯᠡᠰ ᠪᠤᠰᠬᠠᠬᠤ ᠳᠤ ᠲᠡᠳᠬᠦᠮᠵᠢ ᠲᠠᠢ᠂ ᠠᠵᠢᠯ ᠠᠯᠳᠠᠬᠤ ᠳᠤ ᠬᠠᠪᠰᠤᠷᠤᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠠᠷᠭ᠎ᠠ ᠵᠠᠮ ᠢᠶᠠᠨ ᠥᠷᠭᠡᠳᠬᠡᠵᠦ᠂ ᠨᠥᠬᠦᠴᠡᠯ ᠳᠤ ᠨᠡᠶᠢᠴᠡᠭᠰᠡᠨ ᠴᠡᠷᠢᠭ ᠢ ᠳᠠᠭᠠᠵᠦ ᠶᠠᠪᠤᠭ᠎ᠠ ᠭᠡᠷ ᠪᠦᠯᠢ ᠶᠢᠨ ᠬᠢᠨ ᠢ ᠴᠥᠮ ᠲᠣᠬᠢᠷᠠᠮᠵᠢᠲᠠᠶ ᠪᠠᠷ ᠲᠥᠪᠬᠢᠨᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠴᠡᠷᠢᠭ ᠤᠨ ᠦᠷ᠎ᠡ ᠬᠡᠤᠬᠡᠳ ᠤᠨ ᠣᠶᠢᠷ᠎ᠠ ᠬᠠᠪᠢ ᠳᠠᠭᠠᠨ ᠰᠤᠷᠭᠠᠭᠤᠯᠢ ᠳᠤ ᠣᠷᠣᠬᠤ᠂ ᠰᠤᠷᠭᠠᠭᠤᠯᠢ ᠲᠤᠬᠢᠷᠠᠭᠤᠯᠵᠦ ᠰᠢᠯᠵᠢᠭᠦᠯᠬᠦ᠂ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠪᠠ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠳᠤ ᠣᠷᠣᠯᠴᠠᠬᠤ ᠳᠤ ᠬᠠᠷᠠᠭᠠᠯᠵᠠᠯ ᠦᠵᠡᠭᠦᠯᠬᠦ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠦ᠂ ᠴᠡᠷᠢᠭ ᠵᠢᠴᠢ ᠲᠡᠲᠠᠠ ᠤ ᠭᠡᠷ ᠪᠦᠯᠢ ᠶᠢᠨ ᠬᠢᠨ ᠢ ᠰᠠᠨᠠᠭ᠎ᠠ ᠠᠮᠤᠷ ᠪᠠᠶᠢᠯᠭᠠᠬᠤ ᠭᠡᠷᠡᠭᠲᠡᠢ᠃ ᠡᠭᠦᠨ ᠤ ᠬᠠᠮᠳᠤ ᠴᠡᠷᠢᠭ ᠠᠩᠬᠢ ᠶᠢᠨ ᠳᠠᠪᠠᠭᠤᠯᠢᠭ ᠢᠶᠠᠨ ᠪᠠᠳᠠᠷᠠᠭᠤᠯᠬᠤ ᠶᠢ ᠲᠠᠮᠵᠢᠵᠤ᠂ ᠠᠵᠤ ᠠᠬᠤᠶ ᠨᠡᠶᠢᠭᠡᠮ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠬᠤ ᠬᠡᠷᠡᠭᠳᠠᠢ᠃ ᠬᠠᠷᠠᠭᠠᠯᠵᠠᠵᠤ ᠲᠥᠪᠬᠢᠨᠡᠭᠦᠯᠬᠦ ᠵᠡᠷᠭᠡ ᠡᠳ᠋ ᠤᠨ ᠵᠠᠰᠠᠭ ᠤᠨ ᠵᠠᠷᠤᠯᠭ᠎ᠠ ᠶᠢ ᠪᠠᠲᠤᠯᠠᠵᠤ᠂ ᠬᠤᠶᠠᠷ ᠢ ᠬᠦᠷᠢᠶᠡᠯᠡᠬᠦ ᠵᠢᠱᠢᠶᠡᠴᠢ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠬᠤᠶᠠᠷ ᠢ ᠬᠦᠷᠢᠶᠡᠯᠡᠬᠦ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠤᠨ᠂ ᠬᠤᠶᠠᠷ ᠢ ᠬᠦᠷᠢᠶᠡᠯᠡᠬᠦ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠳᠠᠢ ᠭᠡᠵᠦ ᠵᠢᠭᠠᠵᠦ ᠭᠠᠷᠭᠠᠪᠠ᠃      ᠶᠡᠭᠡ ᠬᠤᠷᠠᠯ ᠠᠴᠠ ᠪᠦᠬᠦ ᠤᠯᠤᠰ ᠤᠨ ᠬᠤᠶᠠᠷ ᠢ ᠬᠦᠷᠢᠶᠡᠯᠡᠭᠰᠡᠨ 411 ᠵᠢᠱᠢᠶᠡᠴᠢ ᠬᠤᠲᠠ ︵ᠰᠢᠶᠠᠨ︶ ᠶᠢ ᠨᠡᠷᠡᠶᠢᠳᠦᠭᠰᠡᠨ ᠲᠤᠬᠠᠢ ᠲᠤᠭᠳᠠᠭᠠᠯ᠂ ᠪᠦᠬᠦ ᠤᠯᠤᠰ ᠤᠨ ᠤᠯᠤᠰ ᠢᠶᠠᠨ ᠬᠠᠶᠢᠷᠠᠯᠠᠵᠤ ᠴᠡᠷᠢᠭ ᠢᠶᠠᠨ ᠬᠦᠷᠢᠶᠡᠯᠡᠭᠰᠡᠨ ᠵᠢᠱᠢᠶᠡᠴᠢ ᠨᠢᠭᠡᠴᠢ ᠪᠣᠯᠤᠨ ᠵᠠᠰᠠᠭ ᠢᠶᠠᠨ ᠬᠦᠷᠢᠶᠡᠯᠡᠵᠤ ᠠᠷᠠᠳ ᠢᠶᠠᠨ ᠬᠠᠶᠢᠷᠠᠯᠠᠬᠰᠠᠨ ᠵᠢᠱᠢᠶᠡᠴᠢ ᠨᠢᠭᠡᠴᠢ ᠶᠢ ᠬᠥᠬᠢᠭᠦᠯᠦᠨ ᠰᠠᠶᠢᠰᠢᠶᠠᠬᠤ ᠲᠤᠬᠠᠶ ᠲᠤᠭᠳᠠᠭᠠᠯ᠂ ᠪᠦᠬᠦ ᠤᠯᠤᠰ ᠤᠨ ᠤᠯᠤᠰ ᠢᠶᠠᠨ ᠬᠠᠶᠢᠷᠠᠯᠠᠵᠤ ᠴᠡᠷᠢᠭ ᠢᠶᠠᠨ ᠬᠦᠷᠢᠶᠡᠯᠡᠭᠰᠡᠨ ᠵᠢᠱᠢᠶᠡᠴᠢ ᠪᠠ ᠵᠠᠰᠠᠭ ᠢᠶᠠᠨ ᠬᠦᠷᠢᠶᠡᠯᠡᠵᠤ ᠠᠷᠠᠳ ᠢᠶᠠᠨ ᠬᠠᠶᠢᠷᠠᠯᠠᠬᠰᠠᠨ ᠵᠢᠱᠢᠶᠡᠴᠢ ᠶᠢ ᠬᠥᠬᠢᠭᠦᠯᠦᠨ ᠰᠠᠶᠢᠰᠢᠶᠠᠬᠤ ᠲᠤᠬᠠᠶ ᠲᠣᠭᠲᠠᠭᠠᠯ ᠢ ᠤᠩᠰᠢᠨ ᠨᠡᠶᠢᠳᠡᠯᠡᠪᠡ᠃ ᠶᠡᠭᠡ ᠬᠤᠷᠠᠯ ᠠᠴᠠ ᠨᠡᠷᠡᠶᠢᠳᠴᠦ ᠬᠥᠬᠢᠭᠦᠯᠦᠭᠳᠡᠭᠰᠡᠨ ᠪᠦᠬᠦ ᠤᠯᠤᠰ ᠤᠨ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ ︵ᠰᠢᠶᠠᠨ︶ ᠵᠢᠴᠢ ᠬᠤᠶᠠᠷ ᠢ ᠬᠦᠷᠢᠶᠡᠯᠡᠭᠰᠡᠨ ᠵᠢᠱᠢᠶᠡᠴᠢ ᠨᠢᠭᠡᠴᠢ ᠪᠠ ᠬᠤᠪᠢ ᠬᠥᠮᠦᠨ ᠤ ᠲᠥᠯᠥᠭᠡᠯᠡᠭᠴᠢᠳ ᠲᠤ ᠱᠠᠩᠨᠠᠯ ᠣᠯᠭᠤᠭᠰᠠᠨ ᠪᠠᠶᠢᠨ᠎ᠠ᠃ ᠴᠡᠷᠢᠭ ᠠᠩᠭᠢ ᠪᠠ ᠣᠷᠣᠨ ᠨᠤᠲᠤᠭ ᠤᠨ ᠬᠤᠯᠪᠣᠭᠳᠠᠯ ᠪᠦᠬᠦᠢ ᠲᠥᠯᠥᠭᠡᠯᠡᠭᠴᠢ ᠦᠭᠡ ᠬᠡᠯᠡᠵᠠᠢ᠃      ᠳ᠋ᠢᠩ ᠰᠢᠤᠸᠠᠢ ᠰᠢᠶᠠᠩ ᠠᠭᠤᠯᠵᠠᠯᠲᠠ ᠳᠤ ᠣᠷᠣᠯᠴᠠᠵᠤ᠂ ᠰᠦᠨ ᠴᠦᠨ ᠯᠠᠨ ᠠᠭᠤᠯᠵᠠᠯᠲᠠ ᠳᠤ ᠣᠷᠣᠯᠴᠠᠭᠰᠠᠨ ᠪᠥᠭᠡᠳ ᠶᠡᠭᠡ ᠬᠤᠷᠠᠯ ᠢ ᠡᠷᠬᠢᠯᠡᠪᠠ᠂ ᠵᠠᠩ ᠶᠢᠦ ᠰᠢᠶᠠ᠂ ᠴᠧᠨ ᠰᠢ᠂ ᠬᠤᠸᠠᠩ ᠺᠦᠨ ᠮᠢᠩ᠂ ᠱᠧᠨ ᠶᠤᠸᠠᠢ ᠶᠤᠸᠠᠢ᠂ ᠰᠢᠶᠣᠤ ᠵᠢᠶᠧ᠂ ᠮᠠ ᠪᠢᠶᠣᠤ ᠠᠭᠤᠯᠵᠠᠯᠲᠠ ᠳᠤ ᠣᠷᠣᠯᠴᠠᠭᠰᠠᠨ ᠪᠥᠭᠡᠳ ᠶᠡᠭᠡ ᠬᠤᠷᠠᠯ ᠳᠤ ᠣᠷᠣᠯᠴᠠᠵᠤ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠭᠡᠰᠢᠭᠦᠨ ᠮᠢᠶᠣᠣ ᠬᠤᠸᠠ ᠠᠭᠤᠯᠵᠠᠯᠲᠠ ᠳᠤ ᠣᠷᠣᠯᠴᠠᠭᠰᠠᠨ ᠪᠥᠭᠡᠳ ᠬᠤᠷᠠᠯ ᠳᠡᠭᠡᠷ᠎ᠡ ᠬᠥᠬᠢᠭᠦᠯᠦᠨ ᠰᠠᠶᠢᠰᠢᠶᠠᠬᠤ ᠲᠣᠭᠲᠠᠭᠠᠯ ᠢ ᠤᠩᠰᠢᠨ ᠨᠡᠶᠢᠲᠡᠯᠡᠪᠡ᠃      ᠶᠡᠭᠡ ᠬᠤᠷᠠᠯ ᠢ ᠲᠧᠯᠸᠢᠰ ᠤᠳᠠᠰᠤ ᠬᠤᠷᠠᠯ ᠤᠨ ᠬᠡᠯᠪᠡᠷᠢ ᠪᠠᠷ ᠬᠤᠷᠠᠯᠳᠤᠭᠤᠯᠵᠤ᠂ ᠪᠡᠭᠡᠵᠢᠩ ᠳᠤ ᠭᠤᠣᠯ ᠬᠤᠷᠠᠯ ᠤᠨ ᠲᠠᠯᠠᠪᠠᠢ ᠲᠤᠬᠢᠷᠠᠭᠤᠯᠤᠨ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠤᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠵᠠᠢ᠃ ᠪᠦᠬᠦ ᠤᠯᠤᠰ ᠤᠨ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ ︵ᠰᠢᠶᠠᠨ︶ ᠵᠢᠴᠢ ᠬᠤᠶᠠᠷ ᠢ ᠬᠦᠷᠢᠶᠡᠯᠡᠭᠰᠡᠨ ᠵᠢᠱᠢᠶᠡᠴᠢ ᠨᠢᠭᠡᠴᠢ ᠪᠣᠯᠤᠨ ᠬᠤᠪᠢ ᠬᠥᠮᠦᠨ ᠤ ᠲᠥᠯᠥᠭᠡᠯᠡᠭᠴᠢ᠂ ᠪᠥᠬᠦ ᠤᠯᠤᠰ ᠤᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠴᠡᠷᠢᠭ ᠠᠩᠭᠢ ᠪᠤᠯᠤᠨ ᠣᠷᠣᠨ ᠨᠤᠲᠤᠭ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠤᠯᠤᠨ ᠰᠢᠨᠵᠢᠶᠠᠩ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠤ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠵᠢᠴᠢ ᠬᠤᠶᠠᠷ ᠢ ᠬᠦᠷᠢᠶᠡᠯᠡᠬᠦ ᠠᠵᠢᠯ ᠤᠨ ᠠᠯᠪᠠᠨ ᠬᠡᠷ ᠤᠨ ᠭᠤᠤᠯ ᠬᠠᠷᠢᠭᠤᠴᠠᠯᠭᠠᠲᠠᠨ ᠨᠥᠬᠦᠳ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠢ᠃
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号