ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ | ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠲᠦᠩᠯᠢᠶᠣᠤ | ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠭᠰᠡᠨ ᠠᠷᠪᠠᠨ | ᠳᠣᠯᠣᠳᠤᠭᠠᠷ ᠬᠤᠭᠤᠴᠠᠭᠠᠨ ᠤ ᠦᠪᠦᠷ ᠮᠣᠩᠭᠤᠯ ᠤᠨ ᠬᠤᠪᠴᠠᠰᠤ ᠵᠠᠰᠠᠯ ᠤᠨ ᠤᠷᠠᠯᠢᠭ ᠤᠨ ᠨᠠᠶᠢᠷ 11 ᠳ᠋ᠣᠭᠡᠷ | ᠰᠠᠷ᠎ᠠ ᠶᠢᠨ 11 ᠤ ᠡᠳᠦᠷ ᠲᠦᠩᠯᠢᠶᠣᠤ ᠬᠤᠲᠠ ᠳᠤ ᠵᠢᠩᠬᠢᠨᠢ ᠪᠠᠷ ᠡᠬᠢᠯᠡᠬᠦ ᠪᠣᠯᠤᠨ᠎ᠠ᠃ ᠲᠤᠰ ᠤᠳᠠᠭᠠᠨ ᠤ | ᠤᠷᠠᠯᠢᠭ ᠤᠨ ᠤᠯᠠᠷᠢᠯ ᠳᠤ ᠮᠣᠩᠭᠤᠯ ᠬᠤᠪᠴᠠᠰᠤ ᠵᠠᠰᠠᠯ ᠤᠨ ᠰᠣᠶᠣᠯ ᠤᠨ ᠣᠬᠠᠭᠳᠠᠬᠤᠨ ᠢ ᠬᠠᠮᠠᠭᠠᠯᠠᠨ | ᠪᠠᠳᠠᠷᠠᠭᠤᠯᠵᠤ᠂ ᠤᠯᠠᠮᠵᠢᠯᠠᠨ ᠵᠠᠯᠭᠠᠮᠵᠢᠯᠠᠬᠤ ᠪᠠᠷ ᠦᠨᠳᠦᠰᠦ ᠪᠣᠯᠭᠠᠨ᠂ ᠰᠢᠨ᠎ᠡ ᠶᠢ ᠡᠭᠦᠳᠬᠦ ᠪᠠᠷ ᠰᠦᠭ ᠰᠦᠨᠡᠰᠦ | ᠪᠣᠯᠭᠠᠵᠤ᠂ ᠨᠠᠶᠢᠷ ᠨᠠᠭᠠᠳᠤᠮ ᠲᠠᠢ ᠤᠶᠠᠯᠳᠤᠭᠤᠯᠤᠨ᠂ ᠮᠠᠨ ᠤ ᠣᠷᠣᠨ ᠤ ᠮᠣᠩᠭᠤᠯ ᠦᠨᠳᠦᠰᠦᠲᠡᠨ ᠤ ᠬᠤᠪᠴᠠᠰᠤ | ᠵᠠᠰᠠᠯ ᠢ ᠳᠡᠯᠡᠬᠡᠶᠢᠵᠢᠭᠦᠯᠬᠦ᠂ ᠲᠥᠷᠥᠯ ᠲᠡᠮᠳᠡᠭᠵᠢᠭᠦᠯᠬᠦ᠂ ᠠᠵᠤ ᠦᠢᠯᠡᠰᠵᠢᠭᠦᠯᠦᠨ ᠬᠥᠭᠵᠢᠭᠦᠯᠬᠦ ᠶᠢ ᠠᠬᠢᠭᠤᠯᠤᠨ᠎ᠠ᠃ | ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠤᠷᠠᠯᠢᠭ ᠤᠨ ᠨᠠᠶᠢᠷ ᠪᠣᠯ ᠥᠪᠥᠷ ᠮᠣᠩᠭᠤᠯ ᠤᠨ | ᠰᠣᠶᠣᠯ ᠪᠠ ᠵᠢᠭᠤᠯᠴᠢᠯᠡᠯ ᠤᠨ ᠦᠢᠯᠡᠰ ᠲᠠᠢ ᠠᠭᠤᠰᠣᠯᠳᠣᠭᠤᠯᠣᠨ ᠬᠦᠭᠵᠢᠭᠦᠯᠵᠣ᠂ ︽ᠦᠵᠡᠰᠬᠦᠯᠡᠩᠲᠦ ᠰᠠᠶᠢᠬᠠᠨ | ᠥᠪᠥᠷ ᠮᠣᠩᠭᠤᠯ︾ ᠵᠢᠭᠤᠯᠴᠢᠯᠠᠯ ᠤᠨ ᠳᠦᠷᠢ ᠲᠥᠷᠬᠦ ᠶᠢ ᠳᠡᠭᠡᠭᠰᠢᠯᠡᠭᠦᠯᠬᠦ ᠪᠠᠷ ᠨᠠᠷᠢᠨ ᠨᠢᠮᠪᠠᠶ ᠪᠦᠲᠦᠭᠡᠭᠰᠡᠨ ᠨᠢᠭᠡ | ᠵᠦᠢᠯ ᠤᠨ ᠬᠤᠪᠴᠠᠰᠤ ᠵᠠᠰᠠᠯ ᠤᠨ ᠰᠣᠶᠣᠯ ᠤᠨ ᠲᠣᠮᠣ ᠬᠡᠯᠪᠡᠷᠢ ᠶᠢᠨ ᠤᠷᠤᠯᠳᠤᠭᠠᠨ ᠪᠣᠯᠣᠨ᠎ᠠ᠂ 2003 | ᠣᠨ ᠠᠴᠠ ᠡᠬᠢᠯᠡᠨ ᠨᠢᠭᠡᠨᠲᠡ 16 ᠬᠤᠭᠤᠴᠠᠭ᠎ᠠ ᠠᠮᠵᠢᠯᠲᠠ ᠲᠠᠢ ᠡᠷᠬᠢᠯᠡᠪᠡ᠃ | | ᠡᠳᠦᠷ ᠤᠨ ᠳᠠᠷᠠᠭᠠᠯᠠᠯ ᠤᠨ ᠲᠣᠬᠢᠷᠠᠭᠤᠯᠤᠯᠲᠠ | | 1. ᠠᠷᠪᠠᠨ ᠳᠣᠯᠣᠳᠤᠭᠠᠷ ᠬᠤᠭᠤᠴᠠᠭᠠᠨ ᠤ ᠥᠪᠥᠷ ᠮᠣᠩᠭᠤᠯ ᠤᠨ ᠬᠤᠪᠴᠠᠰᠤ ᠵᠠᠰᠠᠯ ᠤᠨ ᠤᠷᠠᠯᠢᠭ ᠤᠨ | ᠨᠠᠶᠢᠷ ᠤᠨ ᠡᠬᠢᠯᠡᠬᠦ ᠶᠣᠰᠣᠯᠠᠯ | ᠴᠠᠭ᠄ 11 ᠳ᠋ᠣᠭᠡᠷ ᠰᠠᠷ᠎ᠠ ᠶᠢᠨ 11 ᠤ ᠡᠳᠦᠷ | ᠭᠠᠵᠠᠷ᠄ ᠲᠦᠩᠯᠢᠶᠣᠤ ᠬᠤᠲᠠ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠲᠥᠪ ᠤᠨ ᠰᠠᠭᠰᠤᠨ | ᠪᠥᠮᠪᠦᠭᠡ ᠶᠢᠨ ᠤᠷᠳᠣᠨ | | 2. ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠵᠢᠷᠤᠭ ᠲᠥᠯᠥᠪᠯᠡᠭᠡ ᠶᠢᠨ ᠤᠷᠤᠯᠳᠤᠭᠠᠨ | ᠴᠠᠭ᠄ 11 ᠳ᠋ᠣᠭᠡᠷ ᠰᠠᠷ᠎ᠠ ᠶᠢᠨ 12 ᠤᠨ ᠡᠳᠦᠷ | ᠭᠠᠵᠠᠷ᠄ ᠲᠦᠩᠯᠢᠶᠣᠤ ᠬᠤᠲᠠ ᠶᠢᠨ ᠪᠢ ᠬᠦᠶ ᠶᠤᠸᠠᠨ ᠹᠧᠩ ᠬᠤᠸᠠᠩ ᠪᠠᠭᠤᠳᠠᠯ ᠂ ᠲᠦᠩᠯᠢᠶᠣᠤ | ᠬᠤᠲᠠ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠲᠥᠪ ᠤᠨ ᠰᠠᠭᠰᠤᠨ ᠪᠥᠮᠪᠦᠭᠡ ᠶᠢᠨ ᠣᠷᠳᠣᠨ | | 3. ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠪᠦᠲᠦᠭᠡᠯᠴᠢ ᠲᠥᠰᠦᠪᠯᠡᠯ ᠤᠨ ᠪᠦᠲᠦᠭᠡᠯ ᠤᠨ | ᠦᠵᠡᠰᠬᠦᠯᠡᠩ | ᠴᠠᠭ᠄ 11 ᠳ᠋ᠣᠭᠡᠷ ᠰᠠᠷ᠎ᠠ ᠶᠢᠨ 11 ᠤ ᠡᠳᠦᠷ — 15 ᠤ ᠡᠳᠦᠷ | ᠭᠠᠵᠠᠷ ᠄ ᠲᠦᠩᠯᠢᠶᠣᠤ ᠬᠤᠲᠠ ᠶᠢᠨ ᠨᠠᠭᠠᠳᠤᠮ ᠵᠠᠩ ᠦᠢᠯᠡ ᠶᠢᠨ ᠦᠵᠡᠮᠵᠢ ᠶᠢᠨ ᠵᠡᠭᠡᠯᠢ ᠳᠡᠭᠡᠷᠡᠬᠢ | ᠰᠡᠯᠡᠩᠭᠡ ᠮᠣᠩᠭᠤᠯ ᠬᠤᠳᠠᠯᠳᠤᠭᠠᠨ ᠤ ᠬᠤᠲᠠ | | 4. ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠠᠵᠤ ᠦᠢᠯᠡᠰ ᠤᠨ ᠬᠥᠭᠵᠢᠯᠲᠡ ᠶᠢᠨ ᠰᠤᠳᠤᠯᠤᠨ | ᠶᠠᠷᠢᠯᠴᠠᠬᠤ ᠬᠤᠷᠠᠯ | ᠴᠠᠭ᠄ 11 ᠳ᠋ᠣᠭᠡᠷ ᠰᠠᠷ᠎ᠠ ᠶᠢᠨ 13 ᠤ ᠡᠳᠦᠷ | ᠭᠠᠵᠠᠷ᠄ ᠲᠦᠩᠯᠢᠶᠣᠤ ᠬᠤᠲᠠ ᠶᠢᠨ ᠪᠢ ᠬᠦᠶ ᠶᠤᠸᠠᠨ ᠹᠧᠩ ᠬᠤᠸᠠᠩ ᠪᠠᠭᠤᠳᠠᠯ | | 5. ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠨᠠᠷᠠᠲᠤ ᠲᠥᠷᠥᠯ ᠲᠡᠮᠳᠡᠭᠲᠦ ᠶᠢ ᠨᠡᠶᠢᠲᠡᠯᠡᠬᠦ ᠬᠤᠷᠠᠯ | ᠴᠠᠭ᠄ 11 ᠳ᠋ᠣᠭᠡᠷ ᠰᠠᠷ᠎ᠠ ᠶᠢᠨ 12 ᠤᠨ ᠡᠳᠦᠷ | ᠭᠠᠵᠠᠷ᠄ ᠲᠦᠩᠯᠢᠶᠣᠤ ᠬᠤᠲᠠ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠲᠥᠪ ᠤᠨ ᠰᠠᠭᠰᠤᠨ | ᠪᠥᠮᠪᠦᠭᠡ ᠶᠢᠨ ᠣᠷᠳᠣᠨ | | 6. ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠪᠠᠷᠠᠭ᠎ᠠ ᠪᠠ ᠰᠦᠯᠵᠢᠶᠡᠨ ᠳᠡᠭᠡᠷᠡᠬᠢ ᠬᠤᠳᠠᠯᠳᠤᠭᠠᠨ ᠤ | ᠲᠠᠯᠠᠪᠤᠷ | ᠴᠠᠭ᠄ 11 ᠳ᠋ᠣᠭᠡᠷ ᠰᠠᠷ᠎ᠠ ᠶᠢᠨ 10 ᠤ ᠡᠳᠦᠷ — 15 ᠤ ᠡᠳᠦᠷ | ᠭᠠᠵᠠᠷ ᠄ ᠲᠦᠩᠯᠢᠶᠣᠤ ᠬᠤᠲᠠ ᠶᠢᠨ ᠨᠠᠭᠠᠳᠤᠮ ᠵᠠᠩ ᠦᠢᠯᠡ ᠶᠢᠨ ᠦᠵᠡᠮᠵᠢ ᠶᠢᠨ ᠵᠡᠭᠡᠯᠢ ᠳᠡᠭᠡᠷᠡᠬᠢ | ᠰᠡᠯᠡᠩᠭᠡ ᠮᠣᠩᠭᠤᠯ ᠬᠤᠳᠠᠯᠳᠤᠭᠠᠨ ᠤ ᠬᠤᠲᠠ | | 7. ᠨᠠᠭᠠᠳᠤᠮ ᠤᠨ ᠠᠵᠢᠯᠯᠠᠭ᠎ᠠ | ᠴᠠᠭ᠄ 11 ᠳ᠋ᠣᠭᠡᠷ ᠰᠠᠷ᠎ᠠ ᠶᠢᠨ 14 ᠤ ᠡᠳᠦᠷ — 15 ᠤ ᠡᠳᠦᠷ | ᠭᠠᠵᠠᠷ᠄ ᠲᠦᠩᠯᠢᠶᠣᠤ ᠬᠤᠲᠠ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠲᠥᠪ ᠤᠨ ᠠᠭᠤᠳᠠᠮ ᠲᠠᠯᠠᠪᠠᠶ |