ᠰᠣᠶᠣᠯ ᠪᠠ ᠵᠢᠭᠤᠯᠴᠢᠯᠠᠯ ᠤᠨ ᠲᠢᠩᠬᠢᠮ ︽ᠥᠪᠥᠷ ᠮᠣᠩᠭᠤᠯ ᠤᠨ ᠬᠤᠪᠢᠰᠬᠠᠯᠲᠤ ᠵᠢᠭᠤᠯᠴᠢᠯᠠᠯ ᠤᠨ ᠬᠥᠭᠵᠢᠯᠲᠡ ᠶᠢᠨ ᠲᠦᠯᠦᠪᠵᠢᠭᠦᠯᠭᠡ ︵2020 — 2025︶︾ ᠶᠢ ᠬᠢᠨᠠᠨ ᠲᠣᠭᠲᠠᠭᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/11/13
     11 ᠳ᠋ᠦ᠋ᠭᠡᠷ ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ︽ᠥᠪᠥᠷ ᠮᠣᠩᠭᠤᠯ ᠤᠨ ᠬᠤᠪᠢᠰᠬᠠᠯᠲᠤ ᠵᠢᠭᠤᠯᠴᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ ︵2020 — 2025︶︾ ᠶᠢ ᠬᠢᠨᠠᠨ ᠲᠤᠭᠲᠠᠭᠠᠬᠤ ᠬᠤᠷᠠᠯ ᠵᠣᠬᠢᠶᠠᠨ ᠪᠠᠶᠢᠭᠤᠯᠤᠨ ᠬᠤᠷᠠᠯᠳᠤᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠢᠦᠢ ᡁᠢ ᠭᠦᠸᠧ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ᠂ ᠡᠬᠢ ᠪᠠᠶᠠᠯᠢᠭ ᠢ ᠨᠡᠭᠡᠭᠡᠨ ᠠᠰᠢᠭᠯᠠᠬᠤ ᠭᠠᠵᠠᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠲᠡᠤᠬᠡ ᠪᠠ ᠰᠤᠷᠪᠤᠯᠵᠢ ᠪᠢᠴᠢᠭ ᠰᠤᠳᠤᠯᠬᠤ ᠲᠠᠰᠤᠭ᠂ ᠱᠠᠩᠬᠠᠶ ᠶᠢᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠯᠣᠤ ᠨᠢᠤ ᠫᠦᠸᠧ ᠶᠢᠨ ᠨᠠᠮ ᠤᠨ ᠭᠡᠰᠢᠭᠦᠨ ᠺᠠᠳ᠋ᠷ ᠤᠨ ᠬᠥᠮᠦᠵᠢᠯ ᠤᠨ ᠲᠥᠪ᠂ ᠥᠪᠥᠷ ᠮᠣᠩᠭᠤᠯ ᠤᠨ ᠵᠥᠩ ᠰᠢᠨ ᠣᠯᠠᠨ ᠤᠯᠤᠰ ᠤᠨ ᠵᠢᠭᠤᠯᠴᠢᠯᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ 7 ᠲᠤᠰᠬᠠᠶ ᠮᠡᠷᠭᠡᠵᠢᠯᠲᠡᠨ ᠲᠦᠯᠦᠪᠵᠢᠭᠦᠯᠭᠡ ᠨᠠᠶᠢᠷᠠᠭᠤᠯᠤᠨ ᠵᠣᠬᠢᠶᠠᠬᠤ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ︽ᠥᠪᠥᠷ ᠮᠣᠩᠭᠤᠯ ᠤᠨ ᠬᠤᠪᠢᠰᠬᠠᠯᠲᠤ ᠵᠢᠭᠤᠯᠴᠢᠯᠠᠯ ᠤᠨ ᠬᠥᠭᠵᠢᠯᠲᠡ ᠶᠢᠨ ᠲᠥᠯᠥᠪᠵᠢᠭᠦᠯᠪᠡ ︵2020 — 2030︶︾ ᠶᠢᠨ ᠡᠬᠡ ᠨᠣᠣᠷᠠᠭ ᠤᠨ ᠮᠠᠲ᠋ᠧᠷᠢᠶᠠᠯ ᠢ ᠨᠠᠷᠢᠨ ᠬᠢᠨᠠᠮᠠᠭᠠᠶ ᠬᠢᠨᠠᠨ ᠦᠵᠡᠪᠡ᠃ ᠲᠤᠰᠬᠠᠶ ᠮᠡᠷᠭᠡᠵᠢᠯᠲᠡᠳ ᠲᠣᠰ ᠪᠡᠶ᠎ᠡ ᠶᠢᠨ ᠲᠤᠰᠬᠠᠶ ᠮᠡᠷᠭᠡᠵᠢᠯ ᠤᠨ ᠵᠣᠭᠰᠣᠴᠠ ᠠᠴᠠ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠲᠤᠬᠠᠶ ᠰᠠᠨᠠᠯ ᠳᠤᠷᠠᠳᠪᠠ᠃ ᠵᠠᠯᠭᠠᠭᠠᠳ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠨᠢᠭᠡᠴᠢ ᠠᠴᠠ ᠬᠤᠷᠢᠶᠠᠨ ᠣᠯᠤᠭᠰᠠᠨ ᠰᠠᠨᠠᠯ ᠤᠨ ᠰᠠᠭᠤᠷᠢᠨ ᠳᠡᠭᠡᠷ᠎ᠡ᠂ ᠪᠥᠬᠦ ᠣᠷᠣᠨ ᠤ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠲᠥᠯᠥᠪᠵᠢᠭᠦᠯᠭᠡ ᠶᠢ ᠲᠡᠭᠦᠯᠳᠡᠷᠵᠢᠭᠦᠯᠬᠦ ᠪᠠ ᠵᠠᠰᠠᠪᠤᠷᠢ ᠤᠷᠤᠭᠤᠯᠬᠤ ᠪᠠᠷ ᠪᠤᠢ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号