11 ᠳ᠋ᠦ᠋ᠭᠡᠷ ᠰᠠᠷ᠎ᠠ ᠶᠢᠨ 7 ᠤ ᠣᠷᠣᠢ ᠶᠢᠨ 8 ᠴᠠᠭ ᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠭᠤᠤᠯᠯᠠᠨ ᠡᠷᠬᠢᠯᠡᠵᠦ᠂ ᠥᠪᠥᠷ ᠮᠣᠩᠭᠤᠯ ᠤᠨ | ᠦᠨᠳᠦᠰᠦᠲᠡᠨ ᠤ ᠤᠷᠠᠯᠢᠭ ᠵᠦᠴᠦᠭᠡ ᠶᠢᠨ ᠬᠦᠷᠢᠶᠡᠯᠡᠩ ᠠᠴᠠ ᠳᠠᠭᠠᠭᠠᠴᠢᠯᠠᠨ ᠡᠷᠭᠢᠯᠡᠭᠰᠡᠨ ᠠᠩᠬᠠᠳᠤᠭᠠᠷ | ᠬᠤᠭᠤᠴᠠᠭᠠᠨ ᠤ ᠥᠪᠥᠷ ᠮᠣᠩᠭᠤᠯ ᠤᠨ ᠠᠷᠠᠳ ᠤᠨ ᠪᠥᠵᠢᠭ ᠤᠨ ᠤᠷᠤᠯᠳᠤᠭᠠᠨ ᠨᠢ ᠠᠮᠵᠢᠯᠲᠠ ᠲᠠᠢ ᠲᠡᠭᠦᠰᠪᠡ᠂ | ᠤᠷᠤᠯᠳᠤᠭᠠᠨ ᠨᠢ 6 ᠡᠳᠦᠷ ᠤᠨ ᠬᠤᠭᠤᠴᠠᠭ᠎ᠠ ᠲᠠᠢ ᠶᠠᠪᠤᠭᠳᠠᠪᠠ ᠃ | | | | | ︽ᠬᠡᠢ ᠮᠣᠷᠢ︾ ᠪᠦᠵᠢᠭ ᠤᠨ ᠵᠦᠴᠦᠭᠡ ᠶᠢᠨ ᠵᠢᠷᠤᠭ | | | | | ︽ᠷᠣᠮᠠᠨᠲ᠋ᠢᠭ ᠲᠠᠯ᠎ᠠ ᠨᠤᠲᠤᠭ︾ ᠪᠦᠵᠢᠭ ᠤᠨ ᠵᠦᠴᠦᠭᠡ ᠶᠢᠨ ᠵᠢᠷᠤᠭ | | ᠵᠢᠷᠭᠤᠭᠠᠨ ᠡᠳᠦᠷ ᠤᠨ ᠲᠤᠷᠰᠢ᠂ ᠪᠦᠬᠦ ᠤᠯᠤᠰ ᠪᠦᠬᠦ ᠣᠷᠣᠨ ᠠᠴᠠ ᠬᠦᠷᠦᠯᠴᠡᠨ ᠢᠷᠡᠭᠰᠡᠨ 57 | ᠤᠷᠤᠯᠳᠤᠭᠠᠨ ᠤ ᠲᠤᠭᠤᠶᠢᠯᠠᠩ᠂ ︽ᠮᠣᠩᠭᠤᠯ ᠮᠣᠷᠢ︾ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠠᠷᠠᠳ | ᠲᠦᠮᠡᠨ ᠢ ᠳᠡᠭᠡᠳᠦᠯᠡᠬᠦ︾ ᠠᠷᠠᠳ ᠤᠨ ᠲᠥᠯᠥᠭᠡ ᠵᠢᠳᠬᠦᠬᠦ ᠬᠠᠶᠢᠷ᠎ᠠ ᠰᠡᠳᠬᠢᠯᠭᠡ ᠶᠢ ᠪᠠᠲᠤ ᠰᠠᠬᠢᠵᠤ᠂ ᠦᠵᠡᠯ | ᠰᠠᠨᠠᠭ᠎ᠠ ᠭᠦᠨᠵᠡᠭᠡᠶ᠂ ᠭᠤᠶᠢᠲᠠ ᠰᠠᠶᠢᠬᠠᠨ ᠰᠢᠯᠢᠳᠡᠭ 100 ᠪᠥᠵᠢᠭ ᠤᠨ ᠫᠷᠤᠭ᠍ᠷᠠᠮ ᠨᠢ ᠦᠵᠡᠭᠴᠢᠳ ᠲᠤ ᠭᠦᠨ | ᠰᠠᠭᠤᠭᠳᠠᠯ ᠦᠯᠡᠳᠡᠭᠡᠨ᠂ ᠥᠪᠥᠷ ᠮᠣᠩᠭᠤᠯ ᠤᠨ ᠬᠡᠪ ᠨᠠᠮᠪᠠ᠂ ᠥᠪᠥᠷ ᠮᠣᠩᠭᠤᠯ ᠤᠨ ᠣᠮᠤᠭ ᠰᠦᠷ ᠢ ᠤᠯᠠᠨ ᠳᠤ | ᠰᠤᠨᠢᠷᠬᠠᠭᠤᠯᠵᠤ ᠴᠢᠳᠠᠭᠰᠠᠨ ᠪᠠᠶᠢᠨ᠎ᠠ᠃ ᠤᠨᠴᠠᠭᠠᠶᠢᠯᠠᠨ ᠦᠨᠳᠦᠰᠦᠨ ᠱᠠᠲᠤᠨ ᠠᠴᠠ ᠢᠷᠡᠭᠰᠡᠨ ᠤᠯᠠᠭᠠᠨᠮᠥ᠋ᠴᠢᠷ | ᠶᠡᠷᠦᠩᠬᠡᠶ ᠱᠦᠵᠢ ᠰᠢ ᠶᠢᠨ ᠫᠢᠩ ᠤᠨ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠣᠯᠠᠨ ᠲᠦᠮᠡᠨ ᠲᠠᠢ | ᠣᠶᠢᠷᠠᠲᠤᠭᠰᠠᠨ᠂ ᠤᠯᠠᠮᠵᠢᠯᠠᠵᠤ ᠦᠯᠡᠳᠡᠭᠳᠡᠵᠦ ᠲᠡᠶᠢᠯᠬᠦ ᠭᠤᠴᠣ ᠰᠠᠶᠢᠬᠠᠨ ᠫᠷᠤᠭ᠍ᠷᠠᠮ ᠢ ᠵᠤᠬᠢᠶᠠᠨ ᠪᠦᠲᠦᠭᠡᠵᠦ᠂ ︽ | ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠭᠡᠬᠦ ᠨᠡᠷ᠎ᠡ ᠨᠢᠳᠡᠷ ᠲᠤ | ᠪᠠᠨ ᠨᠡᠶᠢᠴᠡᠭᠰᠡᠨ ᠶᠤᠮ ᠃ | | | | | ︽ᠱᠠᠭ᠎ᠠ ᠱᠠᠭ᠎ᠠ︾ ᠪᠦᠵᠢᠭ ᠤᠨ ᠵᠦᠴᠦᠭᠡ ᠶᠢᠨ ᠵᠢᠷᠤᠭ | | | | | ︽ᠶᠤᠬᠤᠷ︾ ᠪᠦᠵᠢᠭ ᠤᠨ ᠵᠦᠴᠦᠭᠡ ᠶᠢᠨ ᠵᠢᠷᠤᠭ | | ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠲᠤᠰᠬᠠᠶ ᠮᠡᠷᠭᠡᠵᠢᠯ ᠤᠨ ᠳᠤᠭᠤᠶᠢᠯᠠᠩ ᠤᠨ ᠣᠯᠠᠨ | ᠬᠦᠮᠦᠨ ᠤ ᠪᠥᠵᠢᠭ᠂ ᠲᠤᠰᠬᠠᠶ ᠮᠡᠷᠭᠡᠵᠢᠯ ᠤᠨ ᠳᠤᠭᠤᠶᠢᠯᠠᠩ ᠤᠨ ᠭᠤᠴᠤᠯᠠᠯ ᠪᠥᠵᠢᠭ᠂ ᠬᠤᠤᠰᠯᠠᠯ ᠪᠥᠵᠢᠭ᠂ | ᠭᠤᠷᠪᠠᠨ ᠬᠥᠮᠦᠨ ᠤ ᠪᠥᠵᠢᠭ ᠂ ᠲᠤᠰᠬᠠᠶ ᠮᠡᠷᠭᠡᠵᠢᠯ ᠤᠨ ᠪᠤᠰᠤ ᠳᠤᠭᠤᠶᠢᠯᠠᠩ ᠵᠢᠴᠢ ᠤᠯᠠᠮᠵᠢᠯᠠᠨ ᠵᠠᠯᠭᠠᠮᠵᠢᠯᠠᠬᠤ | ᠱᠠᠩᠨᠠᠯ᠂ ᠰᠢᠯᠭᠠᠷᠠᠭᠤᠯᠬᠤ ᠺᠣᠮᠢᠰ ᠤᠨ ᠣᠨᠴᠠᠭᠠᠶ ᠱᠠᠩᠨᠠᠯ᠂ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ᠂ | ᠠᠶ᠎ᠠ ᠵᠤᠬᠢᠶᠠᠭᠴᠢ ᠶᠢᠨ ᠱᠠᠩᠨᠠᠯ᠂ ᠬᠤᠪᠴᠠᠰᠤᠨ ᠤ ᠬᠢᠴᠡ ᠶᠢᠨ ᠱᠠᠩᠨᠠᠯ ᠵᠡᠷᠭᠡ ᠣᠯᠠᠨ ᠲᠥᠷᠥᠯ ᠤᠨ ᠳᠠᠩ | ᠲᠥᠷᠥᠯ ᠤᠨ ᠱᠠᠩᠨᠠᠯ ᠢ ᠰᠢᠯᠭᠠᠷᠠᠭᠤᠯᠪᠠ᠃ ᠲᠤᠰ ᠤᠳᠠᠭᠠᠨ ᠤ ᠤᠷᠤᠯᠳᠤᠭᠠᠨ ᠢᠶᠠᠷ ᠳᠠᠮᠵᠢᠨ ᠵᠣᠬᠢᠶᠠᠨ ᠪᠦᠲᠦᠭᠡᠬᠦ᠂ | ᠲᠣᠭᠯᠠᠯᠲᠠ ᠶᠢᠨ ᠴᠢᠳᠠᠪᠤᠷᠢᠲᠠᠨ ᠢ ᠬᠥᠮᠦᠵᠢᠭᠦᠯᠵᠦ᠂ ᠮᠠᠨ ᠤ ᠣᠷᠣᠨ ᠤ ᠠᠷᠠᠳ ᠤᠨ ᠪᠥᠵᠢᠭ ᠤᠨ ᠠᠮᠢᠵᠢᠷᠠᠯ ᠤᠨ | ᠬᠦᠴᠦᠨ ᠢ ᠲᠠᠰᠤᠷᠠᠯᠲᠠ ᠦᠭᠡᠢ ᠪᠠᠳᠠᠷᠠᠭᠤᠯᠵᠤ᠂ ᠥᠪᠥᠷ ᠮᠤᠩᠭᠤᠯ ᠤᠨ ᠠᠷᠠᠳ ᠤᠨ ᠪᠥᠵᠢᠭ ᠤᠨ ᠤᠷᠠᠯᠢᠭ ᠤᠨ | ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠦ ᠦᠭᠭᠦᠭᠰᠡᠨ ᠪᠠᠶᠢᠨ᠎ᠠ ᠃ |