ᠵᠧᠩ ᠳ᠋ᠦᠩ ᠪᠥᠸᠧ ᠪᠠᠶᠢᠭᠤᠯᠭ᠎ᠠ ᠶᠢᠨ ᠨᠢᠭᠡᠳᠦᠭᠡᠷ ᠨᠠᠮ ᠤᠨ ᠡᠭᠦᠷ ᠤᠨ ᠰᠤᠷᠤᠯᠴᠠᠯᠭ᠎ᠠ ᠶᠢᠨ ᠬᠤᠷᠠᠯ ᠳᠤ ᠣᠷᠣᠯᠴᠠᠵᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠳᠠᠭᠠᠭᠤᠯᠤᠨ ᠰᠤᠷᠤᠯᠴᠠᠪᠠ
ᠨᠡᠶᠢᠲᠡᠯᠡᠭᠰᠡᠨ ᠴᠠᠭ᠄
2020/11/13
     11 ᠳ᠋ᠦ᠋ᠭᠡᠷ ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠧᠩ ᠳ᠋ᠦᠩ ᠪᠥᠸᠧ ᠪᠠᠶᠢᠭᠤᠯᠭ᠎ᠠ ᠶᠢᠨ ᠨᠢᠭᠡᠳᠦᠭᠡᠷ ᠨᠠᠮ ᠤᠨ ᠡᠭᠦᠷ ᠤᠨ ᠰᠤᠷᠤᠯᠴᠠᠬᠤ ᠬᠤᠷᠠᠯ ᠳᠤ ᠣᠷᠣᠯᠴᠠᠵᠤ᠂ ᠤᠤᠯ ᠵᠣᠬᠢᠶᠠᠯ ᠢ ᠤᠯᠠᠮᠵᠢᠯᠠᠬᠤ ᠪᠠ ᠭᠤᠤᠯᠳᠠᠯᠭ᠎ᠠ ᠶᠢ ᠲᠠᠶᠢᠯᠪᠤᠷᠢᠯᠠᠬᠤ ᠶᠢ ᠤᠶᠠᠯᠳᠤᠭᠤᠯᠬᠤ ᠠᠷᠭ᠎ᠠ ᠪᠠᠷ ᠳᠠᠮᠵᠢᠭᠤᠯᠤᠨ᠂ ᠨᠢᠭᠡᠳᠦᠭᠡᠷ ᠨᠠᠮ ᠤᠨ ᠡᠭᠦᠷ ᠤᠨ ᠨᠠᠮ ᠤᠨ ᠭᠡᠰᠢᠭᠦᠳ ᠢ ᠳᠠᠭᠠᠭᠤᠯᠤᠨ ᠶᠡᠷᠦᠩᠬᠡᠶ ᠱᠦᠵᠢ ᠰᠢ ᠶᠢᠨ ᠫᠢᠩ ᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ  ᠰᠠᠨᠠᠭᠤᠯᠭ᠎ᠠ︾ ᠶᠢᠨ ᠲᠣᠳᠣᠷᠬᠠᠶᠢᠯᠠᠯᠲᠠ ᠶᠢ  ᠬᠦᠨᠵᠡᠭᠡᠶᠢᠷᠡᠭᠦᠯᠦᠨ ᠰᠤᠷᠤᠯᠴᠠᠪᠠ᠃
     ᠵᠧᠩ ᠳ᠋ᠦᠩ ᠪᠥᠸᠧ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ ᠨᠢ ︽ᠰᠠᠨᠠᠭᠤᠯᠭ᠎ᠠ︾ ᠶᠢ ᠲᠣᠭᠲᠠᠭᠠᠬᠤ ᠭᠤᠤᠯ ᠪᠣᠳᠤᠯᠬᠢᠯᠠᠯ᠂ ᠲᠣᠪᠤᠶᠢᠮ᠎ᠠ ᠣᠨᠴᠠᠯᠢᠭ ᠪᠠ ᠴᠢᠬᠤᠯᠠ ᠠᠭᠤᠯᠭ᠎ᠠ ᠶᠢ ᠭᠦᠨᠵᠡᠭᠡᠶ ᠲᠣᠳᠣᠷᠬᠠᠶᠢᠯᠠᠨ ᠥᠭᠦᠯᠡᠪᠡ᠃ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠣᠭᠤᠷᠢᠨ ᠳᠤ ᠠᠯᠢ ᠤᠯᠠᠨ ᠴᠢᠭᠯᠡᠯ ᠤᠨ ᠴᠢᠨᠠᠷᠲᠠᠶ᠂ ᠦᠨᠳᠦᠰᠦᠨ ᠴᠢᠨᠠᠷᠲᠠᠶ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠴᠢᠬᠤᠯᠠ ᠶᠡᠭᠡ ᠠᠰᠠᠭᠤᠳᠠᠯ ᠤᠳ ᠢ ᠰᠢᠨᠵᠢᠯᠡᠬᠦ ᠤᠬᠠᠭᠠᠨᠴᠢ ᠪᠠᠷ ᠬᠠᠷᠢᠭᠤᠯᠪᠠ᠃ ᠶᠠᠷᠢᠶ᠎ᠠ ᠨᠢ ᠪᠦᠬᠦ ᠲᠠᠯ᠎ᠠ ᠶᠢ ᠶᠡᠷᠦᠩᠬᠡᠶᠢᠯᠡᠨ ᠬᠠᠮᠤᠷᠴᠤ᠂ ᠶᠡᠭᠡ ᠲᠠᠯ᠎ᠠ ᠶᠢ ᠡᠵᠡᠮᠳᠡᠨ᠂ ᠪᠣᠳᠠᠲᠤ ᠠᠬᠤᠶ ᠳᠤ ᠰᠠᠭᠤᠷᠢᠯᠠᠵᠤ᠂ ᠠᠯᠤᠰ ᠬᠡᠳᠦ ᠶᠢ ᠪᠣᠳᠤᠯᠬᠢᠯᠠᠨ᠂ ᠪᠦᠲᠦᠭᠡᠯᠴᠢ ᠴᠢᠨᠠᠷᠲᠠᠢ ᠪᠠᠷ ᠮᠠᠰᠢ ᠤᠯᠠᠨ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ ᠰᠢᠨ᠎ᠡ ᠨᠤᠲᠠᠯᠠᠯᠲᠠ ᠰᠢᠨ᠎ᠡ ᠱᠠᠭᠠᠷᠳᠠᠯᠭ᠎ᠠ ᠶᠢ ᠳᠤᠷᠠᠳᠤᠨ ᠭᠠᠷᠭᠠᠪᠠ᠃ ᠡᠨᠡ ᠨᠢ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠤᠨᠤᠯᠴᠢ ᠴᠢᠨᠠᠷ᠂ ᠵᠢᠯᠣᠭᠤᠳᠬᠤ ᠴᠢᠨᠠᠷ ᠲᠠᠢ  ᠪᠠᠶᠢᠵᠤ᠂ ᠪᠢᠳᠡᠨ ᠤ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ︾ ᠴᠠᠭᠠᠰᠢᠯᠠᠪᠠᠯ ᠨᠡᠩ ᠤᠷᠳᠤ ᠬᠤᠭᠤᠴᠠᠭᠠᠨ ᠤ ᠰᠣᠶᠣᠯ ᠪᠠ ᠵᠢᠭᠤᠯᠴᠢᠯᠠᠯ ᠤᠨ ᠠᠵᠢᠯ ᠢ ᠰᠠᠶᠢᠲᠤᠷ ᠬᠢᠬᠦ ᠳᠤ ᠰᠢᠨᠵᠢᠯᠡᠬᠦ ᠤᠬᠠᠭᠠᠨᠴᠢ ᠵᠦᠭᠯᠡᠭᠦᠷ ᠪᠠ ᠦᠨᠳᠦᠰᠦᠨ ᠵᠢᠷᠤᠮᠯᠠᠯ  ᠬᠠᠨᠭ᠍ᠭᠠᠵᠠᠢ ᠭᠡᠵᠦ ᠵᠢᠭᠠᠵᠤ ᠭᠠᠷᠭᠠᠪᠠ᠃      ᠵᠧᠩ ᠳ᠋ᠦᠩ ᠪᠥᠸᠧ᠂ ᠠᠯᠪᠠᠨ ᠭᠡᠷ ᠨᠢ ᠪᠠᠶᠢᠭᠤᠯᠭ᠎ᠠ ᠶᠢᠨ ᠨᠢᠭᠡᠳᠦᠯᠲᠡᠶ ᠲᠥᠯᠥᠪᠯᠡᠬᠦ ᠲᠥᠪ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠠᠨ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠬᠢᠭᠡᠳ ︽ᠰᠠᠨᠠᠭᠤᠯᠭ᠎ᠠ︾ ᠶᠢᠨ ᠲᠣᠭᠤᠷᠢᠨ ᠳᠤ᠂ ᠲᠡᠷᠡ ᠶᠣᠰᠤᠭᠠᠷ ᠨᠢ᠂ ᠪᠦᠬᠦ ᠲᠠᠯ᠎ᠠ ᠪᠠᠷ ᠰᠢᠰᠲ᠋ᠧᠮ ᠲᠠᠢ ᠪᠠᠷ ᠰᠤᠷᠤᠯᠴᠠᠵᠤ᠂ ᠵᠣᠷᠢᠭ ᠰᠠᠨᠠᠭᠠᠨ ᠤ ᠮᠥᠨ ᠴᠢᠨᠠᠷ ᠢ ᠨᠡᠪᠲᠡᠷᠬᠡᠢ ᠣᠶᠢᠯᠠᠭᠠᠨ᠂ ᠭᠤᠣᠯ ᠠᠭᠤᠯᠭ᠎ᠠ ᠰᠠᠨᠠᠭ᠎ᠠ ᠶᠢ ᠨᠢ ᠡᠵᠡᠮᠰᠢᠬᠦ ᠬᠡᠷᠡᠭᠲᠡᠢ᠃ ᠰᠤᠷᠤᠯᠴᠠᠬᠤ ᠲᠥᠯᠥᠪᠯᠡᠭᠡ ᠲᠣᠭᠲᠠᠭᠠᠬᠤ ᠬᠡᠷᠡᠭᠲᠡᠢ᠃ ᠪᠠᠶᠢᠩᠭᠤ ᠰᠤᠷᠤᠯᠴᠠᠬᠤ᠂ ᠤᠳᠠᠭᠠᠨ ᠳᠠᠭᠠᠭᠠᠮᠠᠭᠠᠶ ᠰᠤᠷᠤᠯᠴᠠᠬᠤ ᠶᠢ ᠪᠠᠷᠢᠮᠲᠠᠯᠠᠨ᠂ ᠤᠷᠢᠳ ᠢᠶᠠᠷ ᠨᠢᠭᠡ ᠠᠯᠬᠤᠮ ᠰᠤᠷᠤᠯᠴᠠᠵᠤ᠂ ᠨᠢᠭᠡ ᠳᠡᠰ ᠭᠦᠨᠵᠡᠭᠡᠶ ᠰᠤᠷᠤᠯᠴᠠᠨ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠲᠢᠩᠬᠢᠮ ᠤᠨ ᠪᠠᠶᠢᠭᠤᠯᠭ᠎ᠠ ᠶᠢ ᠳᠠᠶᠢᠴᠢᠯᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠬᠠᠯᠠᠭᠤᠨ ᠥᠷᠨᠢᠯᠲᠡ ᠶᠢ ᠬᠦᠭᠵᠢᠭᠡᠬᠦ ᠬᠡᠷᠡᠭᠲᠡᠶ᠃ ᠰᠤᠷᠤᠯᠴᠠᠬᠤ ᠬᠡᠯᠪᠡᠷᠢ ᠪᠠᠨ ᠪᠠᠶᠠᠯᠢᠭᠵᠢᠭᠤᠯᠬᠤ ᠬᠡᠷᠡᠭᠲᠡᠢ᠃ ᠤᠭ ᠵᠣᠬᠢᠶᠠᠯ ᠢ ᠤᠡᠭᠰᠢᠵᠤ ᠤᠭ ᠵᠣᠬᠢᠶᠠᠯ ᠢ ᠰᠤᠷᠤᠯᠴᠠᠬᠤ ᠠᠵᠢᠯ ᠢ ᠭᠦᠢᠴᠡᠳ ᠥᠷᠨᠢᠭᠦᠯᠦᠭᠰᠡᠨ ᠰᠠᠭᠤᠷᠢᠨ ᠳᠡᠭᠡᠷ᠎ᠡ᠂ ᠤᠳᠤᠷᠢᠳᠤᠯᠭ᠎ᠠ ᠳᠠᠭᠠᠭᠤᠯᠤᠨ ᠰᠤᠷᠤᠯᠴᠠᠬᠤ᠂ ᠨᠠᠮ ᠤᠨ ᠡᠭᠦᠷ ᠰᠤᠳᠤᠯᠤᠨ ᠶᠠᠷᠢᠯᠴᠠᠬᠤ᠂ ᠦᠨᠳᠦᠰᠦᠨ ᠱᠠᠲᠤᠨ ᠳᠤ ᠪᠠᠶᠢᠴᠠᠭᠠᠨ ᠰᠤᠳᠤᠯᠤᠯᠲᠠ ᠬᠢᠬᠦ᠂ ᠲᠤᠰᠬᠠᠶ ᠮᠡᠷᠭᠡᠵᠢᠯᠲᠡᠨ ᠡᠷᠳᠡᠮᠲᠡᠨ ᠢ ᠤᠷᠢᠨ ᠬᠠᠪᠰᠤᠷᠤᠨ ᠵᠢᠯᠤᠭᠤᠳᠤᠭᠤᠯᠬᠤ ᠵᠡᠷᠭᠡ ᠠᠷᠭ᠎ᠠ ᠠᠪᠴᠠᠯ ᠢᠶᠠᠷ ᠳᠠᠮᠵᠢᠭᠤᠯᠤᠨ ᠰᠤᠷᠤᠯᠴᠠᠭᠰᠠᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠶ᠃ ᠣᠨᠣᠯ ᠢ ᠪᠣᠳᠠᠲᠤ ᠲᠠᠢ ᠤᠶᠠᠯᠳᠤᠭᠤᠯᠬᠤ ᠬᠡᠷᠡᠭᠲᠡᠢ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠡᠷᠡᠭᠯᠡᠨ ᠰᠣᠶᠣᠯ ᠪᠠ ᠵᠢᠭᠤᠯᠴᠢᠯᠠᠯ ᠤᠨ ᠠᠵᠢᠯ ᠢ ᠵᠢᠯᠣᠭᠤᠳᠬᠤ ᠳᠡᠭᠡᠷ᠎ᠡ ᠬᠦᠴᠦ ᠪᠠᠨ ᠲᠠᠯᠪᠢᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠦᠨᠡᠨ ᠬᠦ ᠰᠣᠶᠣᠯ ᠪᠠ ᠵᠢᠭᠤᠯᠴᠢᠯᠠᠯ ᠤᠨ ᠠᠵᠢᠯ ᠢ ᠲᠦᠯᠬᠢᠨ ᠠᠬᠢᠭᠤᠯᠬᠤ ᠡᠭᠦᠰᠦᠯᠲᠡ᠂ ᠬᠦᠴᠦᠯᠡᠬᠦ ᠴᠡᠭ ᠪᠣᠯᠭᠠᠨ ᠬᠤᠪᠢᠷᠠᠭᠤᠯᠬᠤ ᠬᠡᠷᠡᠭᠲᠡᠶ᠃ ᠠᠯᠪᠠᠨ ᠭᠡᠷ ᠤᠨ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠬᠦ ᠰᠡᠳᠬᠢᠴᠡ ᠪᠠ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠪᠢᠳᠡᠨ ᠤ ᠡᠯ᠎ᠡ ᠵᠦᠢᠯ ᠤᠨ ᠠᠵᠢᠯ ᠢᠶᠠᠨ ᠥᠷᠨᠢᠭᠦᠯᠬᠦ ᠵᠢᠯᠣᠭᠤᠳᠤᠮᠵᠢ ᠪᠠ ᠵᠢᠷᠤᠮᠯᠠᠯ ᠪᠣᠯᠭᠠᠬᠤ ᠬᠡᠷᠡᠭᠲᠡᠶ᠃ ᠤᠯᠤᠰ ᠲᠥᠷᠥ ᠶᠢᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠬᠦ ᠬᠡᠷᠡᠭᠲᠡᠢ᠃ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠠᠵᠠ ᠲᠣᠬᠢᠶᠠᠯ ᠢ ᠭᠦᠢᠴᠡᠳ ᠠᠰᠢᠭᠯᠠᠨ᠂ ᠨᠠᠮ ᠤᠨ ᠡᠭᠦᠷ ᠤᠨ ᠨᠠᠮ ᠤᠨ ᠭᠡᠰᠢᠭᠦᠳ ᠤᠨ ᠤᠯᠤᠰ ᠲᠥᠷᠥ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠤᠯᠤᠰ ᠲᠥᠷᠥ ᠶᠢᠨ ᠦᠨᠳᠦᠷᠴᠡ ᠠᠴᠠ ᠠᠰᠠᠭᠤᠳᠠᠯ ᠢ ᠲᠠᠨᠢᠬᠤ ᠂ ᠠᠰᠠᠭᠤᠳᠠᠯ ᠢ ᠵᠠᠳᠠᠯᠬᠤ᠂ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠣᠯᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠺᠠᠳ᠋ᠷ ᠤᠨ ᠪᠣᠶᠢᠵᠢᠯᠲᠠ ᠲᠠᠪᠰᠢᠯᠲᠠ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号