ᠣᠷᠳᠣᠰ ᠬᠤᠲᠠ ᠠᠩᠬᠠᠳᠤᠭᠠᠷ ᠬᠤᠭᠤᠴᠠᠭᠠᠨ ᠤ ︽ᠨᠤᠮ ᠡᠷᠳᠡᠨᠢ︾ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠮᠤᠩᠭᠤᠯ ᠬᠡᠯᠡᠨ ᠤ ᠰᠢᠯᠦᠭ ᠤᠨ ᠪᠦᠲᠦᠭᠡᠯ  ᠤᠨ ᠤᠷᠤᠯᠳᠤᠭᠠᠨ ᠢ ᠡᠷᠭᠢᠯᠡᠪᠡ
ᠨᠡᠶᠢᠲᠡᠯᠡᠭᠰᠡᠨ ᠴᠠᠭ᠄
2020/11/20
     ᠶᠡᠷᠦᠩᠬᠡᠶ ᠱᠦᠵᠢ ᠰᠢ ᠶᠢᠨ ᠫᠢᠩ ᠤᠨ ᠤᠳᠬ᠎ᠠ ᠤᠷᠠᠯᠢᠭ ᠤᠨ ᠰᠠᠭᠤᠳᠠᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠰᠢᠯᠢᠳᠡᠭ ᠰᠢᠯᠦᠭ ᠨᠠᠶᠢᠷᠠᠭ ᠤᠨ ᠰᠣᠶᠣᠯ ᠢ ᠪᠠᠳᠠᠷᠠᠭᠤᠯᠵᠤ᠂ ᠥᠷᠭᠡᠨ ᠣᠯᠠᠨ ᠰᠤᠷᠤᠭᠴᠢᠳ ᠤᠨ ᠵᠣᠬᠢᠶᠠᠨ ᠪᠦᠲᠦᠭᠡᠬᠦ ᠣᠷᠭᠢᠯᠤᠮ᠎ᠠ ᠰᠡᠳᠬᠢᠯᠭᠡ ᠶᠢ ᠬᠥᠭᠵᠢᠭᠡᠵᠦ᠂ ᠣᠷᠳᠣᠰ ᠬᠤᠲᠠ ᠶᠢᠨ ᠮᠣᠩᠭᠤᠯ ᠰᠢᠯᠦᠭ ᠵᠣᠬᠢᠶᠠᠨ ᠪᠦᠲᠦᠭᠡᠬᠦ ᠬᠥᠭᠵᠢᠯᠲᠡ ᠶᠢ ᠠᠬᠢᠭᠤᠯᠬᠤ  ᠶᠢᠨ ᠲᠦᠯᠦᠭᠡ᠂ ᠣᠶᠢᠷ᠎ᠠ ᠳᠤ ᠣᠷᠳᠣᠰ ᠬᠤᠲᠠ ᠶᠢᠨ ᠨᠣᠮ ᠤᠨ ᠰᠠᠩ ᠣᠷᠳᠣᠰ ᠬᠤᠲᠠ ᠶᠢᠨ ᠤᠳᠬ᠎ᠠ ᠵᠣᠬᠢᠶᠠᠯ ᠤᠷᠠᠯᠢᠭ ᠤᠨ ᠬᠢᠨ ᠤ ᠬᠤᠯᠪᠤᠭ᠎ᠠ  ᠶᠢᠨ ︽ᠠᠯᠲᠠᠨ ᠭᠠᠨᠳᠠᠷᠢ︾ ᠰᠡᠳᠭᠦᠯ ᠤᠨ ᠨᠠᠶᠢᠷᠠᠭᠤᠯᠬᠤ ᠬᠡᠯᠲᠡᠰ ᠲᠠᠢ ᠬᠤᠯᠪᠤᠭᠠᠯᠠᠵᠤ᠂ ᠪᠦᠬᠦ ᠬᠤᠲᠠ ᠶᠢᠨ ᠠᠩᠬᠠᠳᠤᠭᠠᠷ ᠬᠤᠭᠤᠴᠠᠭᠠᠨ ᠤ ︽ᠨᠤᠮ ᠡᠷᠳᠡᠨᠢ︾ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠮᠣᠩᠭᠤᠯ ᠬᠡᠯᠡᠨ ᠤ ᠰᠢᠯᠦᠭ ᠤᠨ ᠪᠦᠲᠦᠭᠡᠯ ᠤᠨ ᠤᠷᠤᠯᠳᠤᠭᠠᠨ ᠢ ᠡᠷᠬᠢᠯᠡᠪᠡ᠃      ᠤᠷᠤᠯᠳᠤᠭᠠᠨ ᠢ ᠠᠩᠬᠠᠨ ᠤ ᠤᠷᠤᠯᠳᠤᠭᠠᠨ ᠪᠠ ᠰᠢᠢᠳᠪᠦᠷᠢᠲᠦ ᠤᠷᠤᠯᠳᠤᠭᠠᠨ ᠭᠡᠵᠦ ᠬᠤᠶᠠᠷ ᠱᠠᠲᠤ ᠬᠤᠪᠢᠶᠠᠪᠠ᠃ ᠬᠢᠶ᠎ᠡ ᠪᠠᠭᠰᠢ ᠲᠣᠭᠤᠷᠢᠭ᠂ ᠳ᠋ᠦᠩᠱᠧᠩ ᠲᠣᠭᠤᠷᠢᠭ᠂ ᠦᠦᠰᠢᠨ ᠬᠤᠰᠢᠭᠤ ᠵᠡᠷᠭᠡ 6 ᠬᠤᠰᠢᠭᠤ ᠲᠣᠭᠤᠷᠢᠭ ᠤᠨ ᠮᠣᠩᠭᠤᠯ ᠰᠤᠷᠤᠭᠴᠢᠳ ᠤᠷᠤᠯᠳᠤᠭᠠᠨ ᠳᠤ ᠣᠷᠣᠯᠴᠠᠪᠠ᠃ ᠰᠤᠷᠤᠭᠴᠢᠳ ᠤᠨ ᠤᠷᠤᠯᠳᠤᠭᠠᠨ ᠳᠤ ᠣᠷᠣᠯᠴᠠᠭᠰᠠᠨ ᠪᠦᠲᠦᠭᠡᠯ ᠤᠨ ᠠᠭᠤᠯᠭ᠎ᠠ ᠨᠢ ᠪᠠᠶᠠᠯᠢᠭ᠂ ᠲᠥᠰᠦᠭᠡᠯᠡᠨ ᠪᠤᠳᠤᠬᠤ ᠴᠢᠳᠠᠪᠤᠷᠢ ᠪᠠᠷ ᠪᠢᠯᠬᠠᠮ᠎ᠠ ᠪᠠᠶᠢᠵᠤ ᠂ ᠰᠢᠨ᠎ᠡ ᠴᠠᠭ ᠦᠶ᠎ᠡ ᠶᠢᠨ ᠵᠠᠯᠠᠭᠤᠴᠤᠳ ᠪᠠᠭᠠᠴᠤᠳ ᠤᠨ ᠡᠬᠡ ᠣᠷᠣᠨ ᠢᠶᠠᠨ ᠬᠠᠶᠢᠷᠠᠯᠠᠬᠤ᠂ ᠨᠤᠲᠤᠭ ᠤᠰᠤ ᠪᠠᠨ ᠬᠠᠶᠢᠷᠠᠯᠠᠬᠤ᠂ ᠠᠮᠢᠳᠤᠷᠠᠯ ᠢᠶᠠᠨ ᠬᠠᠶᠢᠷᠠᠯᠠᠬᠤ᠂ ᠰᠤᠷᠤᠯᠴᠠᠬᠤ ᠳᠤᠷᠠᠲᠠᠶ ᠰᠠᠶᠢᠨ ᠰᠠᠶᠢᠬᠠᠨ ᠰᠡᠳᠬᠢᠯᠭᠡ ᠪᠠ ᠰᠠᠶᠢᠨ ᠰᠠᠶᠢᠬᠠᠨ ᠬᠦᠰᠡᠯ ᠡᠷᠡᠮᠡᠯᠵᠡᠯ ᠢ ᠢᠯᠡᠷᠡᠭᠦᠯᠵᠡᠶ᠃ ᠠᠩᠬᠠᠨ ᠤ ᠤᠷᠤᠯᠳᠤᠭᠠᠨ ᠳᠤ᠂ ᠲᠤᠰᠬᠠᠶ ᠮᠡᠷᠭᠡᠵᠢᠯ ᠤᠨ ᠰᠢᠯᠭᠠᠷᠠᠭᠤᠯᠬᠤ ᠺᠣᠮᠢᠰ ᠠᠴᠠ 32 ᠪᠦᠲᠦᠭᠡᠯ ᠢ ᠰᠢᠯᠭᠠᠷᠠᠭᠤᠯᠤᠨ ᠭᠠᠷᠭᠠᠵᠤ  ᠰᠢᠢᠳᠪᠦᠷᠢᠲᠦ ᠤᠷᠤᠯᠳᠤᠭᠠᠨ ᠳᠤ ᠣᠷᠣᠭᠤᠯᠪᠠ᠃ ᠰᠢᠷᠦᠭᠦᠨ ᠲᠡᠮᠡᠴᠡᠭᠡᠨ ᠢᠶᠠᠷ ᠳᠠᠮᠵᠢᠨ ᠦᠤᠰᠢᠨ ᠬᠤᠰᠢᠭᠤᠨ ᠤ ᠮᠣᠩᠭᠤᠯ ᠳᠤᠮᠳᠠᠳᠤ ᠰᠤᠷᠭᠠᠭᠤᠯᠢ ᠶᠢᠨ ᠲᠦᠰᠢᠭᠲᠦ ᠪᠣᠯᠤᠨ ᠡᠵᠡᠨ ᠬᠤᠷᠤᠭ᠎ᠠ ᠬᠤᠰᠢᠭᠤᠨ ᠤ ᠮᠤᠩᠭᠤᠯ ᠳᠤᠮᠳᠠᠳᠤ ᠰᠤᠷᠭᠠᠭᠤᠯᠢ ᠶᠢᠨ ᠤᠶᠠᠩᠭ᠎ᠠ ᠬᠤᠶᠠᠷ ᠬᠠᠮᠲᠤ ᠰᠤᠷᠤᠭᠴᠢ ᠴᠣᠯᠭᠤᠷᠠᠨ ᠭᠠᠷᠴᠤ᠂ ᠲᠣᠰ ᠲᠣᠰ ᠥᠨᠳᠥᠷ ᠳᠤᠮᠳᠠᠳᠤ ᠶᠢᠨ ᠳᠤᠭᠤᠶᠢᠯᠠᠩ ᠂ ᠠᠩᠬ᠎ᠠ ᠳᠤᠮᠳᠠᠳᠤ ᠶᠢᠨ ᠳᠤᠭᠤᠶᠢᠯᠠᠩ ᠤᠨ ᠨᠢᠭᠡᠳᠦᠭᠡᠷ ᠳᠡᠰ ᠤᠨ ᠱᠠᠩᠨᠠᠯ ᠢ ᠬᠦᠷᠲᠡᠪᠡ᠃      ᠲᠤᠰ ᠤᠳᠠᠭᠠᠨ ᠤ ᠤᠷᠤᠯᠳᠤᠭᠠᠨ ᠨᠢ ᠰᠢᠯᠦᠭ ᠨᠠᠶᠢᠷᠠᠭ ᠵᠣᠬᠢᠶᠠᠨ ᠪᠦᠲᠦᠭᠡᠬᠦ ᠶᠢ ᠴᠢᠬᠤᠯᠠᠴᠢᠯᠠᠵᠤ᠂ ᠵᠠᠯᠠᠭᠤᠴᠤᠳ ᠪᠠᠭᠠᠴᠤᠳ ᠤᠨ ᠰᠢᠯᠦᠭ ᠨᠠᠶᠢᠷᠠᠭ ᠤᠨ ᠵᠣᠬᠢᠶᠠᠨ ᠪᠦᠲᠦᠭᠡᠬᠦ ᠣᠷᠭᠢᠯᠤᠮ᠎ᠠ ᠰᠡᠳᠬᠢᠯᠭᠡ ᠶᠢ ᠬᠥᠭᠵᠢᠭᠡᠵᠦ ᠂ ᠵᠠᠯᠠᠭᠤ ᠨᠢᠭᠡ ᠦᠶ᠎ᠡ ᠶᠢᠨ ᠬᠥᠮᠦᠰ ᠤᠨ ᠤᠳᠬ᠎ᠠ ᠵᠣᠬᠢᠶᠠᠯ ᠤᠨ ᠠᠪᠢᠶᠠᠰ ᠴᠢᠳᠠᠪᠤᠷᠢ ᠶᠢ ᠳᠡᠯᠭᠡᠨ ᠦᠵᠡᠭᠦᠯᠬᠦ ᠶᠢᠨ ᠲᠥᠯᠥᠭᠡ ᠶᠤᠮ᠃ ᠬᠥᠳᠡᠯᠭᠡᠭᠡᠨ ᠢᠶᠠᠷ ᠳᠠᠮᠵᠢᠨ ᠬᠡᠤᠬᠡᠳ ᠤᠳ ᠠᠮᠢᠳᠤᠷᠠᠯ ᠲᠠᠢ ᠣᠶᠢᠷᠠᠲᠤᠭᠰᠠᠨ᠂ ᠰᠢᠨ᠎ᠡ ᠰᠡᠪᠡᠭᠦᠨ ᠰᠠᠨᠠᠭ᠎ᠠ ᠲᠠᠢ ᠴᠠᠭ ᠦᠶ᠎ᠡ ᠶᠢᠨ ᠵᠣᠷᠢᠭ ᠰᠠᠨᠠᠭ᠎ᠠ ᠲᠠᠢ ᠰᠢᠯᠢᠳᠡᠭ ᠰᠢᠯᠦᠭ ᠤᠨ ᠪᠦᠲᠦᠭᠡᠯ ᠢ ᠵᠣᠬᠢᠶᠠᠨ ᠪᠦᠲᠦᠭᠡᠵᠦ᠂ ᠣᠷᠳᠣᠰ ᠤᠨ ᠵᠠᠯᠠᠭᠤ ᠨᠢᠭᠡ ᠦᠶ᠎ᠡ ᠶᠢᠨ ᠴᠤᠭ ᠪᠠᠳᠠᠷᠠᠩᠭᠤᠶ ᠥᠭᠡᠳᠡᠷᠬᠡᠭ ᠣᠶᠤᠨ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠭᠦᠯᠵᠦ᠂ ︽ᠰᠢᠯᠦᠭ ᠤᠨ ᠦᠯᠦᠭᠡᠢ︾ — ᠤᠷᠳᠤᠰ ᠲᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃
 
ᠢᠷᠡᠯᠲᠡ᠄ ᠣᠷᠳᠣᠰ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号