ᠪᠤᠭᠤᠲᠤ ᠬᠤᠲᠠ ᠶᠢᠨ ᠲᠥᠯᠥᠭᠡᠯᠡᠭᠴᠢᠳ ᠤᠨ ᠠᠩᠭᠢ 17 ᠳ᠋ᠤᠭᠠᠷ ᠬᠤᠭᠤᠴᠠᠭᠠᠨ ᠤ ᠥᠪᠥᠷ ᠮᠣᠩᠭᠤᠯ ᠤᠨ ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠵᠢᠷᠤᠭ ᠲᠥᠯᠥᠪᠯᠡᠭᠡ ᠶᠢᠨ ᠤᠷᠤᠯᠳᠤᠭᠠᠨ ᠤ ᠬᠦᠷᠡᠯ ᠱᠠᠩᠨᠠᠯ ᠢ ᠭᠥᠷᠳᠡᠪᠡ
ᠨᠡᠶᠢᠲᠡᠯᠡᠭᠰᠡᠨ ᠴᠠᠭ᠄
2020/11/20
     11 ᠳ᠋ᠤᠭᠡᠷ ᠰᠠᠷ᠎ᠠ ᠶᠢᠨ 15 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠲᠦᠩᠯᠢᠶᠣᠤ ᠬᠤᠲᠠ ᠶᠢᠨ ᠵᠠᠰᠠᠭ ᠤᠨ ᠣᠷᠳᠣᠨ ᠭᠤᠤᠯᠯᠠᠨ ᠡᠷᠭᠢᠯᠡᠵᠦ᠂ ᠲᠦᠩᠯᠢᠶᠣᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠳᠠᠭᠠᠭᠠᠴᠢᠯᠠᠨ ᠡᠷᠭᠢᠯᠡᠭᠰᠡᠨ 17 ᠳ᠋ᠤᠭᠠᠷ ᠬᠤᠭᠤᠴᠠᠭᠠᠨ ᠤ ᠥᠪᠥᠷ ᠮᠣᠩᠭᠤᠯ ᠤᠨ ᠬᠤᠪᠴᠠᠰᠤ ᠵᠠᠰᠠᠯ ᠤᠨ ᠤᠷᠠᠯᠢᠭ ᠤᠨ ᠪᠠᠶᠠᠷ ᠲᠦᠩᠯᠢᠶᠣᠤ ᠬᠤᠲᠠ ᠳᠤ ᠥᠨᠳᠥᠷᠯᠡᠪᠡ᠃ ᠲᠤᠰ ᠬᠤᠭᠤᠴᠠᠭᠠᠨ ᠤ ᠤᠷᠠᠯᠢᠭ ᠤᠨ ᠪᠠᠶᠠᠷ ᠨᠢ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ · ᠰᠤᠯᠤᠩᠭᠠᠨ ᠡᠮᠵᠢᠶᠡᠷᠲᠦ ᠲᠠᠯ᠎ᠠ ᠨᠤᠲᠤᠭ︾ ᠤᠨ ᠠᠵᠢᠯᠯᠠᠭᠠᠨ ᠤ ᠭᠤᠣᠯ ᠰᠡᠳᠦᠪ ᠢ ᠳᠣᠪᠤᠶᠢᠯᠭᠠᠵᠤ᠂ ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠵᠢᠷᠤᠭ ᠲᠥᠯᠥᠪᠯᠡᠭᠡ ᠶᠢᠨ ᠤᠷᠤᠯᠳᠤᠭᠠᠨ᠂ ᠪᠦᠲᠦᠭᠡᠯᠴᠢ ᠵᠢᠷᠤᠭ ᠲᠦᠯᠦᠪᠯᠡᠭᠡ ᠶᠢᠨ ᠪᠦᠲᠦᠭᠡᠯ ᠤᠨ ᠦᠵᠡᠭᠦᠯᠦᠯᠭᠡ᠂ ᠰᠦᠯᠵᠢᠶᠡᠨ ᠤ ᠰᠢᠭᠤᠳ ᠨᠡᠪᠲᠡᠷᠡᠭᠦᠯᠭᠡ  ᠶᠢᠨ ᠪᠠᠷᠠᠭ᠎ᠠ ᠪᠠ ᠰᠦᠯᠵᠢᠶᠡᠨ ᠳᠡᠭᠡᠷᠡᠬᠢ ᠬᠤᠳᠠᠯᠳᠤᠭᠠᠨ ᠤ ᠬᠤᠲᠠ᠂ ᠨᠠᠷᠠᠲᠤ ᠲᠡᠮᠳᠡᠭᠲᠦ ᠶᠢ ᠨᠡᠶᠢᠲᠡᠯᠡᠬᠦ᠂ ᠬᠤᠪᠴᠠᠰᠤ ᠵᠠᠰᠠᠯ ᠤᠨ ᠠᠵᠤ ᠦᠢᠯᠡᠰ ᠤᠨ ᠬᠥᠭᠵᠢᠯᠲᠡ ᠶᠢᠨ ᠰᠤᠳᠤᠯᠤᠨ ᠶᠠᠷᠢᠯᠴᠠᠬᠤ ᠬᠤᠷᠠᠯ ᠪᠠ ᠨᠠᠭᠠᠳᠤᠮ ᠵᠡᠷᠭᠡ ᠵᠢᠷᠭᠤᠭᠠᠨ ᠵᠦᠢᠯ ᠤᠨ ᠠᠵᠢᠯᠯᠠᠭ᠎ᠠ ᠶᠢ ᠦᠷᠨᠢᠭᠦᠯᠪᠡ᠃      ᠮᠣᠩᠭᠤᠯ ᠬᠤᠪᠴᠠᠰᠤ ᠵᠠᠰᠠᠯ ᠤᠨ ᠵᠢᠷᠤᠭ ᠲᠥᠯᠥᠪᠯᠡᠭᠡ ᠶᠢᠨ ᠤᠷᠤᠯᠳᠤᠭᠠᠨ ᠳᠡᠭᠡᠷ᠎ᠡ᠂ ᠮᠠᠨ ᠤ ᠣᠷᠣᠨ ᠤ ᠡᠯ᠎ᠡ ᠠᠶᠢᠮᠠᠭ ᠬᠤᠲᠠ ᠶᠢᠨ 81 ᠤᠷᠤᠯᠳᠤᠭᠠᠨ ᠤ ᠠᠩᠭᠢ ᠪᠣᠯᠤᠨ ᠰᠢᠨᠵᠢᠶᠠᠩ᠂ ᠶᠦᠨᠨᠠᠨ᠂ ᠬᠦᠬᠡᠨᠠᠭᠤᠷ᠂ ᠭᠢᠷᠢᠨ᠂ ᠭᠠᠨᠰᠦ ᠵᠡᠷᠭᠡ ᠮᠤᠵᠢ ᠣᠷᠣᠨ ᠤ 7 ᠤᠷᠤᠯᠳᠤᠭᠠᠨ ᠤ ᠠᠩᠭᠢ ᠬᠠᠮᠲᠤ ᠤᠷᠤᠯᠳᠤᠭᠠᠨ ᠳᠤ ᠣᠷᠣᠯᠴᠠᠵᠤ᠂ ᠤᠯᠠᠮᠵᠢᠯᠠᠯᠲᠤ ᠬᠤᠪᠴᠠᠰᠤ᠂ ᠣᠳᠣ ᠦᠶ᠎ᠡ ᠶᠢᠨ ᠬᠤᠪᠴᠠᠰᠤ᠂ ᠠᠵᠢᠯ ᠲᠥᠷᠥᠯ ᠤᠨ ᠬᠤᠪᠴᠠᠰᠤ᠂ ᠲᠦᠪ ᠬᠤᠪᠴᠠᠰᠤ ᠶᠤᠰᠤᠯᠠᠯ ᠤᠨ ᠬᠤᠪᠴᠠᠰᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠬᠤᠪᠴᠠᠰᠤ᠂ ᠡᠷᠡᠭᠲᠡᠶ ᠶᠢᠨ ᠬᠤᠪᠴᠠᠰᠤ ᠮᠠᠯᠠᠭᠠᠶ ᠵᠡᠷᠭᠡ 6 ᠲᠣᠮᠣ ᠬᠤᠪᠴᠠᠰᠤ ᠵᠠᠰᠠᠯ ᠤᠨ ᠲᠥᠷᠥᠯ ᠵᠦᠢᠯ ᠤᠨ ᠱᠠᠩᠨᠠᠯ ᠢ ᠥᠷᠢᠰᠦᠯᠳᠦᠵᠦ᠂ ᠪᠤᠭᠤᠲᠤ ᠬᠤᠲᠠ ᠶᠢᠨ ᠲᠥᠯᠥᠭᠡᠯᠡᠭᠴᠢᠳ ᠤᠨ ᠠᠩᠭᠢ ︽ᠮᠣᠩᠭᠤᠯ ᠦᠨᠳᠦᠰᠦᠲᠡᠨ ᠤ ᠲᠦᠪ ᠬᠤᠪᠴᠠᠰᠤ ᠶᠣᠰᠣᠯᠠᠯ ᠤᠨ ᠬᠤᠪᠴᠠᠰᠤ ᠶᠢᠨ ᠵᠢᠷᠤᠭ ᠲᠦᠯᠦᠪᠯᠡᠭᠡ ᠶᠢᠨ ᠬᠦᠷᠡᠯ ᠱᠠᠩᠨᠠᠯ︾ ᠢ ᠭᠥᠷᠳᠡᠪᠡ᠃
 
ᠢᠷᠡᠯᠲᠡ᠄ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号