2020 ᠣᠨ ᠤ ᠪᠦᠬᠦ ᠣᠷᠣᠨ ᠤ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢᠴᠢ ᠵᠢᠴᠢ ᠰᠦᠯᠵᠢᠶᠡᠨ ᠤ ᠡᠵᠡᠩᠨᠡᠨ ᠬᠠᠮᠢᠶᠠᠷᠤᠭᠴᠢ ᠶᠢᠨ ᠪᠤᠯᠪᠠᠰᠤᠷᠠᠭᠤᠯᠤᠯ ᠤᠨ ᠠᠩᠭᠢ ᠬᠥᠬᠡᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2020/11/20
     11 ᠳ᠋ᠣᠭᠡᠷ ᠰᠠᠷ᠎ᠠ ᠶᠢᠨ 9 ᠤ ᠡᠳᠦᠷ ᠠᠴᠠ 10 ᠤ ᠡᠳᠦᠷ ᠤᠨ ᠬᠤᠭᠤᠷᠤᠨᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠣᠶᠣᠯ ᠪᠠ ᠵᠢᠭᠤᠯᠴᠢᠯᠠᠯ ᠤᠨ ᠲᠢᠩᠬᠢᠮ 2020 ᠣᠨ ᠤ ᠪᠥᠬᠦ ᠣᠷᠣᠨ ᠤ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢᠴᠢ ᠵᠢᠴᠢ ᠰᠦᠯᠵᠢᠶᠡᠨ ᠤ ᠡᠵᠡᠩᠨᠡᠨ ᠬᠠᠮᠢᠶᠠᠷᠤᠭᠴᠢ ᠶᠢᠨ ᠪᠤᠯᠪᠠᠰᠤᠷᠠᠭᠤᠯᠤᠯ ᠤᠨ ᠠᠩᠭᠢ ᠶᠢ ᠬᠥᠬᠡᠬᠤᠲᠠ ᠳᠤ ᠡᠷᠭᠢᠯᠡᠪᠡ᠃ ᠰᠣᠶᠣᠯ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠢᠦᠢ ᡁᠢ ᠭᠦᠸᠧ ᠪᠤᠯᠪᠠᠰᠤᠷᠠᠭᠤᠯᠤᠯ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠵᠠᠶ᠃ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠠᠯᠪᠠᠨ ᠭᠡᠷ᠂ ᠰᠢᠭᠤᠳ ᠬᠠᠷᠢᠶ᠎ᠠ ᠨᠢᠭᠡᠴᠢ᠂ ᠡᠯ᠎ᠡ ᠠᠶᠢᠮᠠᠭ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶᠠᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯᠲᠠᠨ᠂ ᠰᠦᠯᠵᠢᠶᠡᠨ ᠤ ᠡᠵᠡᠩᠨᠡᠨ ᠬᠠᠮᠢᠶᠠᠷᠤᠭᠴᠢ ᠨᠡᠶᠢᠲᠡ 93 ᠬᠥᠮᠦᠨ ᠪᠤᠯᠪᠠᠰᠤᠷᠠᠭᠤᠯᠤᠯ ᠤᠨ ᠠᠩᠭᠢ ᠳᠤ ᠣᠷᠤᠯᠴᠠᠪᠠ᠃
     ᠢᠦᠢ ᡁᠢ ᠭᠦᠸᠧ ᠶᠠᠷᠢᠶᠠᠨ ᠳᠤ ᠪᠠᠨ 2020 ᠣᠨ ᠤ ᠵᠢᠯ ᠤᠨ ᠲᠤᠷᠰᠢᠬᠢ ᠪᠦᠬᠦ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ ᠬᠤᠷᠢᠶᠠᠩᠭᠤᠶᠢᠯᠠᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ ᠬᠡᠷᠬᠢᠨ ᠰᠠᠶᠢᠲᠤᠷ ᠬᠢᠬᠦ ᠲᠤᠬᠠᠶ ᠬᠡᠳᠦᠨ ᠱᠠᠭᠠᠷᠳᠠᠯᠭ᠎ᠠ  ᠳᠤᠷᠠᠳᠪᠠ᠄ ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠮᠡᠳᠡᠭᠡ ᠵᠠᠩᠭᠢ ᠶᠢᠨ ᠠᠵᠢᠯ ᠤᠨ ᠴᠢᠬᠤᠯᠠ ᠴᠢᠨᠠᠷ ᠪᠠ ᠵᠠᠪᠠᠯ ᠴᠢᠨᠠᠷ ᠢ ᠤᠯᠠᠮ ᠨᠢᠭᠡ ᠠᠯᠬᠤᠮ ᠲᠠᠨᠢᠬᠤ ᠬᠡᠷᠡᠭᠲᠡᠢ︔ ᠬᠤᠶᠠᠷ ᠲᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠮᠡᠳᠡᠭᠡ ᠵᠠᠩᠭᠢ ᠶᠢᠨ ᠠᠵᠢᠯ ᠤᠨ ᠪᠠᠲᠤᠯᠠᠭ᠎ᠠ ᠶᠢᠨ ᠲᠣᠭᠲᠠᠴᠠ ᠶᠢ ᠤᠯᠠᠮ ᠨᠢᠭᠡ ᠠᠯᠬᠤᠮ ᠪᠠᠬᠢᠵᠢᠭᠦᠯᠬᠦ ᠬᠡᠷᠡᠭᠲᠡᠶ︔ ᠭᠤᠷᠪᠠ ᠳᠤ᠂ ᠠᠵᠢᠯ ᠤᠨ ᠪᠣᠳᠠᠲᠤ  ᠪᠠᠶᠢᠳᠠᠯ ᠲᠠᠢ ᠤᠶᠠᠯᠳᠤᠭᠤᠯᠤᠨ᠂ ᠮᠡᠳᠡᠭᠡ ᠵᠠᠩᠭᠢ ᠶᠢᠨ ᠴᠢᠨᠠᠷ ᠴᠢᠨᠰᠠᠭ᠎ᠠ ᠪᠠ ᠲᠤᠭ᠎ᠠ ᠬᠡᠮᠵᠢᠶ᠎ᠡ ᠶᠢᠨ ᠲᠠᠯ᠎ᠠ ᠪᠠᠷ ᠤᠯᠠᠮ ᠨᠢᠭᠡ ᠠᠯᠬᠤᠮ  ᠴᠢᠷᠮᠠᠶᠢᠵᠤ᠂ ᠰᠢᠨ᠎ᠡ ᠰᠢᠪᠲᠤᠯᠤᠯᠲᠠ᠂ ᠰᠢᠨ᠎ᠡ ᠬᠥᠭᠵᠢᠯᠲᠡ᠂ ᠰᠢᠨ᠎ᠡ ᠳᠡᠭᠡᠭᠰᠢᠯᠡᠯᠲᠡ ᠣᠯᠬᠤ ᠪᠠᠷ ᠴᠢᠷᠮᠠᠶᠢᠨ᠎ᠠ᠃      ᠪᠤᠯᠪᠠᠰᠣᠷᠠᠭᠤᠯᠤᠯ ᠡᠬᠢᠯᠡᠬᠦ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ 26 ᠲᠡᠷᠢᠭᠦᠨ ᠤ ᠨᠢᠭᠡᠴᠢ ᠪᠠ 51 ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠪᠠ᠃      ᠲᠣᠰ ᠤᠳᠠᠭᠠᠨ ᠤ ᠪᠣᠯᠪᠠᠰᠤᠷᠠᠭᠤᠯᠤᠯ ᠤᠨ ᠠᠩᠭᠢ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ ᠶᠢᠨ ᠬᠠᠮᠢᠶ᠎ᠠ ᠪᠥᠬᠦᠶ ᠤᠳᠤᠷᠢᠳᠤᠯᠭ᠎ᠠ ᠵᠢᠴᠢ ᠲᠤᠰᠬᠠᠶ ᠮᠡᠷᠭᠡᠵᠢᠯᠲᠡᠳ ᠢ ᠤᠷᠢᠵᠤ᠂ ︽ᠮᠡᠳᠡᠭᠡ ᠵᠠᠩᠭᠢ ᠶᠢ ᠴᠤᠭᠯᠠᠭᠤᠯᠤᠨ ᠨᠠᠶᠢᠷᠠᠭᠤᠯᠤᠨ ᠪᠢᠴᠢᠬᠦ ᠪᠠ ᠮᠡᠳᠡᠭᠦᠯᠦᠨ ᠬᠦᠷᠭᠡᠬᠦ ᠠᠵᠢᠯ ᠢ ᠬᠡᠷᠬᠢᠨ ᠰᠠᠶᠢᠲᠤᠷ ᠬᠢᠬᠦ ᠪᠣᠶ︾᠂ ︽ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠣᠷᠳᠣᠨ ᠤ ᠰᠦᠯᠵᠢᠶ᠎ᠡ/ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠠᠵᠢᠯ ᠤᠨ ᠰᠡᠳᠬᠢᠴᠡ ᠪᠠ ᠭᠦᠢᠴᠡᠳᠭᠡᠯ ᠲᠤᠭ᠎ᠠ ᠶᠢᠨ ᠭᠤᠤᠯ ᠠᠭᠤᠯᠭ᠎ᠠ ᠶᠢᠨ ᠲᠠᠨᠢᠯᠴᠠᠭᠤᠯᠭ᠎ᠠ︾᠂ ︽ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠡᠷᠬᠢᠨ ᠨᠠᠶᠢᠷᠠᠭᠤᠯᠤᠨ ᠪᠢᠴᠢᠬᠦ ᠪᠣᠶ︾᠂ ︽ᠪᠠᠶᠠᠷ ᠳᠤᠷᠠᠰᠬᠠᠯ ᠤᠨ ᠶᠣᠰᠣᠯᠠᠯ ᠢ ᠲᠦᠷᠢᠮᠵᠢᠭᠦᠯᠬᠦ ᠪᠠ ᠶᠠᠷᠢᠶᠠᠨ ᠤ ᠲᠠᠪᠴᠠᠩ ᠤᠨ ᠰᠤᠳᠤᠯᠤᠨ ᠶᠠᠷᠢᠯᠴᠠᠬᠤ ᠬᠤᠷᠠᠯ ᠤᠨ ᠠᠵᠢᠯᠯᠠᠭ᠎ᠠ ᠶᠢᠨ ᠬᠠᠮᠢᠶᠠᠷᠤᠯᠲᠠ︾ ᠵᠢᠴᠢ ︽ᠦᠵᠡᠯ ᠤᠬᠠᠮᠰᠠᠷ ᠤᠨ ᠬᠡᠯᠪᠡᠷᠢ ᠶᠢᠨ ᠪᠠᠶᠢᠭᠤᠯᠤᠯᠲᠠ ᠬᠢᠭᠡᠳ ᠮᠠᠨ ᠤ ᠬᠠᠷᠢᠭᠤᠴᠠᠯᠭ᠎ᠠ︾ ᠵᠡᠷᠭᠡ ᠰᠡᠳᠦᠪ ᠢᠶᠠᠷ ᠲᠠᠶᠢᠯᠤᠮᠵᠢ ᠬᠢᠯᠭᠡᠪᠡ᠃ ᠪᠣᠯᠪᠠᠰᠤᠷᠠᠭᠤᠯᠤᠯ ᠨᠢ ᠬᠢᠴᠢᠶᠡᠯ ᠳᠠᠶᠢᠯᠬᠤ ᠪᠠ ᠲᠤᠬᠠᠶ ᠶᠢᠨ ᠲᠠᠯᠠᠪᠠᠢ ᠳᠤ ᠠᠰᠠᠭᠤᠳᠠᠯ ᠢ ᠲᠠᠶᠢᠯᠪᠦᠷᠢᠯᠠᠬᠤ ᠬᠡᠯᠪᠡᠷᠢ ᠪᠠᠷ ᠶᠠᠪᠤᠭᠳᠠᠵᠤ᠂ ᠰᠤᠷᠤᠯᠭᠠᠳᠠᠳ ᠤᠨ ᠦᠪᠡᠷ ᠤᠨ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠴᠢᠨᠠᠷ ᠴᠢᠨᠰᠠᠭ᠎ᠠ ᠪᠠ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠬᠦ ᠶᠢ ᠬᠥᠲᠥᠯᠥᠨ ᠵᠢᠯᠤᠭᠤᠳᠪᠠ᠃      ᠪᠤᠯᠪᠠᠰᠤᠷᠠᠭᠤᠯᠤᠯ ᠤᠨ ᠳᠠᠷᠠᠭ᠎ᠠ᠂ ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠲᠤᠬᠢᠶᠠᠵᠤ᠂ ᠬᠤᠵᠢᠮ ᠨᠠᠩ ᠲᠡᠭᠦᠯᠳᠡᠷ ᠣᠶᠤᠨ ᠰᠠᠨᠠᠭᠠᠨ ᠤ ᠪᠠᠶᠢᠳᠠᠯ᠂ ᠨᠠᠩ ᠪᠣᠳᠠᠲᠠᠶ ᠶᠢ ᠡᠷᠬᠢᠮᠯᠡᠬᠦ ᠠᠵᠢᠯ ᠤᠨ ᠰᠤᠷᠲᠠᠯ ᠢᠶᠠᠷ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠪᠠ ᠰᠦᠯᠵᠢᠶᠡᠨ ᠤ ᠡᠵᠡᠩᠨᠡᠨ ᠬᠠᠮᠢᠶᠠᠷᠤᠯᠲᠠ ᠶᠢᠨ ᠠᠵᠢᠯ ᠢ ᠥᠨᠳᠥᠷ ᠪᠠᠷᠢᠮᠵᠢᠶ᠎ᠠ᠂ ᠥᠨᠳᠥᠷ ᠬᠢᠷᠢ ᠲᠦᠪᠰᠢᠨ᠂ ᠴᠢᠨᠠᠷ ᠰᠠᠶᠢᠲᠠᠶ ᠬᠢᠨ᠎ᠠ ᠭᠡᠵᠦ ᠰᠤᠷᠤᠯᠭᠠᠳᠠᠳ ᠬᠡᠯᠡᠵᠦ ᠪᠠᠶᠢᠯ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号