ᠠᠤᠭ᠎ᠠ ᠲᠥᠯᠥᠪᠯᠡᠭᠡ ᠲᠡᠮᠡᠴᠡᠯ ᠤᠨ ᠵᠣᠷᠢᠭ ᠰᠠᠨᠠᠭ᠎ᠠ ᠶᠢ ᠬᠥᠭᠵᠢᠭᠡᠨ᠎ᠡ — ᠥᠪᠥᠷ ᠮᠣᠩᠭᠤᠯ ᠤᠨ ᠦᠨᠳᠦᠰᠦᠲᠡᠨ ᠤ ᠤᠷᠠᠯᠢᠭ ᠵᠦᠴᠦᠭᠡ ᠶᠢᠨ ᠬᠦᠷᠢᠶᠡᠯᠡᠩ ᠺᠠᠳ᠋ᠷ ᠠᠵᠢᠯᠲᠠᠳ ᠢᠶᠠᠨ ᠵᠣᠬᠢᠶᠠᠨ ᠪᠠᠶᠢᠭᠤᠯᠵᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠭᠤᠯᠪᠠ
ᠨᠡᠶᠢᠲᠡᠯᠡᠭᠰᠡᠨ ᠴᠠᠭ᠄
2020/11/20
     ᠬᠡᠳᠦᠨ ᠡᠳᠦᠷ ᠤᠨ ᠲᠤᠷᠰᠢ᠂ ᠥᠪᠥᠷ ᠮᠣᠩᠭᠤᠯ ᠤᠨ ᠦᠨᠳᠦᠰᠦᠲᠡᠨ ᠤ ᠤᠷᠠᠯᠢᠭ ᠵᠦᠴᠦᠭᠡ ᠶᠢᠨ ᠬᠦᠷᠢᠶᠡᠯᠡᠩ ᠤᠨ ᠡᠯ᠎ᠡ ᠨᠠᠮ ᠤᠨ ᠡᠭᠦᠷ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠵᠣᠬᠢᠶᠠᠨ  ᠪᠠᠶᠢᠭᠤᠯᠵᠤ ᠥᠷᠨᠢᠬᠦᠯᠦᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠪᠠ᠃ ᠵᠥᠴᠦᠭᠡ ᠶᠢᠨ ᠬᠦᠷᠢᠶᠡᠯᠡᠩ ᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠠᠵᠢᠯᠲᠠᠳ ᠲᠧᠯᠸᠢᠰ ᠭᠠᠷ ᠤᠲᠠᠰᠤ ᠵᠡᠷᠭᠡ ᠣᠯᠠᠨ  ᠵᠦᠢᠯ ᠤᠨ ᠬᠡᠯᠪᠡᠷᠢ ᠪᠠᠷ ᠳᠠᠮᠵᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠡᠷᠬᠢᠯᠡᠭᠰᠡᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠨᠢᠭᠡᠳᠦᠭᠡᠷ ᠴᠠᠭ ᠲᠤ ᠨᠢ ᠬᠦᠯᠢᠶᠡᠨ ᠰᠣᠨᠣᠰᠴᠤ᠂ ᠬᠠᠮᠲᠤ ᠶᠢᠨ ᠰᠤᠷᠤᠯᠴᠠᠯᠭ᠎ᠠ ᠶᠢ ᠵᠣᠬᠢᠶᠠᠨ ᠪᠠᠶᠢᠭᠤᠯᠵᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭᠠᠨ ᠤ ᠴᠢᠬᠤᠯᠠ ᠠᠭᠤᠯᠭ᠎ᠠ ᠶᠢ ᠭᠦᠨᠵᠡᠭᠡᠶ ᠤᠢᠢᠯᠠᠭᠠᠨ ᠡᠵᠡᠮᠰᠢᠭᠦᠯᠪᠡ᠃          ᠵᠥᠴᠦᠭᠡ ᠶᠢᠨ ᠬᠦᠷᠢᠶᠡᠯᠡᠩ ᠤᠨ ᠨᠠᠮ ᠤᠨ ᠬᠤᠷᠢᠶᠠᠨ ᠤ ᠱᠦᠵᠢ᠂ ᠬᠦᠷᠢᠶᠡᠯᠡᠩ ᠤᠨ ᠳᠠᠷᠤᠭ᠎ᠠ ᠯᠢ ᠯᠢ᠂ ᠪᠥᠬᠦᠳᠡ ᠬᠤᠷᠠᠯ ᠤᠨ ᠲᠥᠰᠦᠪᠯᠡᠭᠰᠡᠨ ᠪᠤᠷᠤ ᠲᠥᠰᠥᠪ ᠨᠢ ᠵᠥᠴᠦᠭᠡ ᠶᠢᠨ ᠬᠦᠷᠢᠶᠡᠯᠡᠩ ᠤᠨ ᠪᠦᠬᠦ ᠲᠣᠭᠯᠠᠭᠴᠢᠳ ᠢ ᠤᠷᠮᠠᠰᠢᠭᠤᠯᠤᠨ ᠵᠣᠷᠢᠭᠵᠢᠭᠤᠯᠵᠠᠶ  ︔  ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠪᠢᠳᠡ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠣᠯᠠᠨ ᠲᠦᠮᠡᠨ ᠤ ᠳᠤᠮᠳᠠ ᠠᠴᠠ ᠢᠷᠡᠵᠦ᠂ ᠣᠯᠠᠨ ᠲᠦᠮᠡᠨ ᠤ ᠳᠤᠮᠳᠠ ᠣᠴᠢᠵᠤ᠂ ᠠᠷᠠᠳ ᠤᠯᠠᠨ ᠤ ᠰᠠᠶᠢᠨ ᠰᠠᠶᠢᠬᠠᠨ ᠰᠣᠶᠣᠯ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠤᠳᠬ᠎ᠠ ᠤᠷᠠᠯᠢᠭ ᠪᠠ ᠤᠳᠬ᠎ᠠ ᠤᠷᠠᠯᠢᠭ ᠤᠨ ᠠᠵᠢᠯ ᠤᠨ ᠭᠠᠷᠤᠭ᠎ᠠ ᠪᠠ ᠲᠤᠰᠤᠯᠲᠠ ᠪᠣᠯᠭᠠᠵᠤ᠂ ᠠᠷᠠᠳ ᠲᠦᠮᠡᠨ ᠳᠤ ᠦᠢᠯᠡᠴᠢᠯᠡᠬᠦ ᠳᠤᠮᠳᠠ ᠤᠷᠠᠯᠢᠭ ᠤᠨ ᠤᠭ ᠰᠠᠨᠠᠭ᠎ᠠ ᠪᠠᠨ ᠳᠠᠪᠲᠠᠨ ᠪᠣᠯᠪᠠᠰᠤᠷᠠᠭᠤᠯᠤᠨ᠎ᠠ︔ ᠰᠣᠳᠣᠨ ᠪᠦᠲᠦᠭᠡᠯ ᠤᠨ ᠤᠬᠠᠮᠰᠠᠷ ᠢ ᠪᠣᠶ ᠪᠣᠯᠭᠠᠵᠤ ᠪᠦᠲᠦᠭᠡᠯ ᠤᠨ ᠶᠠᠰᠤ ᠴᠢᠨᠠᠷ ᠢ ᠴᠢᠬᠤᠯᠠᠴᠢᠯᠠᠵᠤ᠂ ᠰᠣᠳᠣᠨ ᠪᠦᠲᠦᠭᠡᠯ ᠢᠯᠡᠭᠦᠬᠡᠨ ᠭᠠᠷᠭᠠᠵᠤ᠂ ᠴᠢᠳᠠᠪᠤᠷᠢᠲᠠᠨ ᠢ ᠢᠯᠡᠭᠦᠬᠡᠨ ᠬᠦᠮᠦᠵᠢᠬᠦᠯᠵᠦ᠂ ᠠᠭᠤᠤ ᠶᠡᠭᠡ ᠬᠦᠰᠡᠯ ᠵᠡᠭᠦᠳᠦ ᠶᠢ ᠪᠡᠶᠡᠯᠡᠭᠦᠯᠬᠦ ᠠᠤᠭ᠎ᠠ ᠶᠡᠭᠡ ᠬᠦᠴᠦᠨ ᠴᠢᠳᠠᠯ ᠢ ᠨᠢᠭᠲᠠᠷᠠᠭᠤᠯᠤᠨ᠎ᠠ  ︔  ᠦᠢ ᠣᠯᠠᠨ ︽ᠡᠭᠡᠯ ᠳᠤᠷᠪᠢᠯᠢᠭ᠂ ᠳᠡᠯᠭᠡᠷᠡᠬᠦᠶᠢᠴᠡ᠂ ᠤᠯᠠᠮᠵᠢᠯᠠᠭᠳᠠᠬᠤᠶᠢᠴᠠ︾ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠥᠲᠦᠭᠡᠵᠦ᠂ ᠤᠯᠤᠰ ᠤᠨ ᠥᠮᠴᠢᠯᠡᠯᠲᠡ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠤᠳᠤᠷᠢᠳᠤᠮᠵᠢ ᠶᠢᠨ ᠴᠢᠨᠠᠷ᠂ ᠲᠥᠯᠥᠭᠡᠯᠡᠬᠦ ᠴᠢᠨᠠᠷ ᠪᠠ ᠵᠢᠱᠢᠶ᠎ᠡ ᠦᠵᠡᠭᠦᠯᠬᠦ ᠴᠢᠨᠠᠷ ᠤᠨ ᠦᠢᠯᠡᠳᠦᠯ ᠢ ᠰᠠᠶᠢᠲᠤᠷ ᠪᠠᠳᠠᠷᠠᠭᠤᠯᠤᠨ᠎ᠠ︔ ᠡᠭᠦᠨ ᠤ ᠬᠠᠮᠲᠤ᠂ ᠤᠯᠠᠨ ᠤᠯᠤᠰ ᠤᠨ ᠰᠣᠶᠣᠯ ᠤᠨ ᠰᠣᠯᠢᠯᠴᠠᠭᠠᠨ ᠤ ᠲᠠᠪᠴᠠᠩ ᠳᠡᠭᠡᠷ᠎ᠡ ᠳᠤᠮᠳᠠᠳᠤ ᠤᠯᠤᠰ ᠤᠨ ᠦᠯᠢᠬᠡᠷ ᠢ ᠰᠠᠶᠢᠲᠤᠷ ᠶᠠᠷᠢᠵᠤ᠂ ᠳᠤᠮᠳᠠᠳᠤ ᠤᠯᠤᠰ ᠤᠨ ᠢᠲᠡᠭᠡᠯ ᠢ ᠢᠯᠡᠷᠡᠭᠦᠯᠵᠦ᠂ ᠳᠤᠮᠳᠠᠳᠤ ᠤᠯᠤᠰ ᠤᠨ ᠬᠦᠴᠦᠨ ᠴᠢᠳᠠᠯ ᠢᠶᠠᠨ ᠬᠠᠨᠳᠢᠪᠯᠠᠨ᠎ᠠ ᠭᠡᠵᠦ ᠢᠯᠡᠷᠬᠡᠶᠢᠯᠡᠪᠡ᠃          ᠥᠪᠥᠷ ᠮᠣᠩᠭᠤᠯ ᠤᠨ ᠦᠨᠳᠦᠰᠦᠲᠡᠨ ᠤ ᠤᠷᠠᠯᠢᠭ ᠵᠦᠴᠦᠭᠡ ᠶᠢᠨ ᠬᠦᠷᠢᠶᠡᠯᠡᠩ ᠨᠢ ᠤᠯᠤᠰ ᠤᠨ ᠥᠮᠴᠢᠯᠡᠯᠲᠡ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠪᠣᠯᠤᠭᠰᠠᠨ ᠤ ᠬᠤᠪᠢ ᠳᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ  ᠨᠠᠶᠢᠳᠠᠪᠤᠷᠢᠵᠢᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠵᠣᠬᠢᠶᠠᠨ ᠪᠦᠲᠦᠭᠡᠬᠦ᠂ ᠪᠤᠯᠪᠠᠰᠤᠷᠠᠬᠤ᠂ ᠲᠤᠭᠯᠠᠬᠤ ᠲᠥᠯᠥᠪᠵᠢᠭᠦᠯᠭᠡ ᠶᠢ ᠰᠠᠶᠢᠲᠤᠷ ᠬᠢᠵᠦ᠂ ︽ᠠᠷᠠᠳ ᠲᠦᠮᠡᠨ ᠢᠶᠠᠷ ᠭᠤᠤᠯ ᠪᠣᠯᠭᠠᠬᠤ︾ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠵᠤ᠂ ᠨᠡᠶᠢᠭᠡᠮ ᠤᠨ ᠦᠷ᠎ᠡ ᠠᠰᠢᠭ ᠢ ᠲᠡᠷᠢᠭᠦᠨ ᠪᠠᠶᠢᠷᠢᠨ ᠳᠤ ᠲᠠᠯᠪᠢᠨ᠂ ︽ᠬᠤᠶᠠᠷ ᠲᠤ ᠦᠢᠯᠡᠴᠢᠯᠡᠬᠦ︾ ᠴᠢᠭᠯᠡᠯ ᠪᠣᠯᠤᠨ ︽ᠤᠢᠩᠭᠡ ᠪᠦᠷᠢ ᠶᠢᠨ ᠴᠡᠴᠡᠭ ᠢ ᠵᠡᠷᠭᠡᠪᠡᠷ ᠳᠡᠯᠭᠡᠷᠡᠭᠦᠯᠵᠦ᠂ ᠦᠶ ᠣᠯᠠᠨ ᠡᠷᠳᠡᠮᠲᠡᠨ ᠢ ᠴᠢᠯᠥᠭᠡᠲᠡᠶ ᠶᠠᠷᠢᠯᠴᠠᠭᠤᠯᠬᠤ︾ ᠴᠢᠭᠯᠡᠯᠲᠡ ᠶᠢ ᠪᠠᠷᠢᠮᠲᠠᠯᠠᠵᠤ᠂ ᠴᠠᠭ ᠦᠶ᠎ᠡ ᠶᠢᠨ ᠰᠢᠨ᠎ᠡ ᠳᠦᠷᠰᠦ ᠪᠠᠶᠢᠳᠠᠯ ᠢ ᠨᠠᠩ ᠣᠯᠠᠨ ᠲᠤᠰᠬᠠᠵᠤ᠂ ᠠᠷᠠᠳ ᠲᠦᠮᠡᠨ ᠤ ᠰᠢᠨ᠎ᠡ ᠡᠭᠦᠳᠦᠨ ᠪᠥᠲᠦᠭᠡᠯᠲᠡ ᠶᠢ ᠮᠠᠭᠲᠠᠨ ᠳᠠᠭᠤᠯᠠᠭᠰᠠᠨ ᠰᠤᠳᠤᠨ ᠪᠥᠲᠦᠭᠡᠯ ᠢ ᠭᠠᠷᠭᠠᠨ᠂ ᠨᠡᠶᠢᠭᠡᠮ ᠵᠢᠷᠤᠮᠲᠤ ᠰᠣᠶᠣᠯ ᠤᠨ ᠬᠦᠴᠦᠷᠬᠡᠭ ᠤᠯᠤᠰ ᠢ ᠪᠠᠶᠢᠭᠤᠯᠬᠤ ᠬᠤᠶᠠᠳᠤᠭᠠᠷ ᠵᠠᠭᠤᠨ ᠵᠢᠯ ᠤᠨ ᠬᠠᠷᠠᠯᠲᠠ ᠶᠢ ᠪᠡᠶᠡᠯᠡᠭᠦᠯᠬᠦ ᠳᠤ ᠰᠢᠨ᠎ᠡ ᠬᠤᠪᠢ ᠨᠡᠮᠡᠷᠢ ᠦᠵᠡᠬᠦᠯᠬᠦ ᠪᠠᠷ ᠬᠦᠴᠦᠯᠡᠨ᠎ᠡ᠃
 
ᠢᠷᠡᠯᠲᠡ᠄ ᠥᠪᠥᠷ ᠮᠣᠩᠭᠤᠯ ᠤᠨ ᠦᠨᠳᠦᠰᠦᠲᠡᠨ ᠤ ᠤᠷᠠᠯᠢᠭ ᠵᠥᠴᠦᠭᠡ ᠶᠢᠨ ᠬᠦᠷᠢᠶᠡᠯᠡᠩ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号