ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ 432 ᠳ᠋ᠤᠭᠠᠷ ᠲᠣᠭᠠᠲᠤ ᠰᠠᠨᠠᠭᠤᠯᠭ᠎ᠠ ᠶᠢᠨ ᠲᠤᠬᠠᠶ ᠬᠠᠷᠢᠭᠤᠯᠲᠠ
ᠨᠡᠶᠢᠲᠡᠯᠡᠭᠰᠡᠨ ᠴᠠᠭ᠄
2020/11/20
ᠲᠥᠯᠥᠭᠡᠯᠡᠭᠴᠢ ᠸᠧᠶ ᠶᠢᠨ ᠮᠧᠶ ᠲᠠᠨ᠎ᠠ᠄      ᠲᠠᠨ ᠤ ᠳᠤᠷᠠᠳᠤᠭᠰᠠᠨ ︽ᠥᠪᠡᠷᠲᠡᠭᠡᠨ ᠵᠠᠰᠠᠬᠤ ᠣᠷᠣᠨ ᠤ ᠳᠡᠰ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠤᠨ ᠤ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠤᠨ ᠣᠷᠣᠭᠤᠯᠤᠯᠲᠠ ᠶᠢ ᠨᠡᠮᠡᠭᠳᠡᠭᠦᠯᠬᠦ ᠲᠤᠬᠠᠶ ᠰᠠᠨᠠᠭᠤᠯᠭ᠎ᠠ︾ ᠶᠢ ᠣᠯᠵᠤ ᠣᠶᠢᠯᠠᠭᠠᠪᠠ᠃ ᠤᠳᠤ ᠳᠣᠤᠷᠠᠬᠢ ᠮᠡᠲᠦ ᠬᠠᠷᠢᠭᠤᠯᠲᠠ ᠥᠭᠭᠦᠶ᠎ᠡ᠄      ᠮᠠᠨ ᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠴᠢᠩᠭᠠᠳᠬᠠᠵᠤ᠂ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ᠂ ᠰᠣᠶᠣᠯ ᠬᠢᠭᠡᠳ ᠠᠵᠤ ᠠᠬᠤᠶ ᠨᠡᠶᠢᠭᠡᠮ ᠤᠨ ᠪᠦᠬᠦ ᠲᠠᠯ᠎ᠠ ᠶᠢᠨ ᠵᠣᠬᠢᠴᠠᠩᠭᠤᠶ ᠪᠥᠭᠡᠳ ᠦᠷᠭᠦᠯᠵᠢᠯᠡᠨ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ 2009 ᠣᠨ ᠠᠴᠠ ᠡᠬᠢᠯᠡᠨ ᠥᠪᠡᠷᠲᠡᠭᠡᠨ ᠵᠠᠰᠠᠬᠤ ᠣᠷᠣᠨ ᠤ ᠲᠡᠰ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠢ ᠤᠷᠢᠳ ᠬᠤᠵᠢᠳ 13 ᠡᠭᠦᠰᠭᠡᠨ ᠪᠠᠶᠢᠭᠤᠯᠵᠠᠢ᠃ ᠡᠭᠦᠨ ᠳᠤ ᠬᠥᠯᠥᠨ ᠪᠤᠶᠢᠷ ᠬᠤᠲᠠ ᠳᠤ 4᠂ ᠰᠢᠯᠢ ᠶᠢᠨ ᠭᠤᠤᠯ ᠠᠶᠢᠮᠠᠭ ᠲᠤ 2᠂ ᠣᠷᠳᠣᠰ ᠬᠤᠲᠠ ᠳᠤ 1᠂ ᠠᠯᠠᠱᠠ ᠠᠶᠢᠮᠠᠭ ᠲᠤ 2᠂ ᠬᠢᠩᠭᠠᠨ ᠠᠶᠢᠮᠠᠭ ᠲᠤ 1᠂ ᠤᠯᠠᠭᠠᠨᠬᠠᠳᠠ ᠬᠤᠲᠠ ᠳᠤ 1᠂ ᠲᠦᠩᠯᠢᠶᠣᠤ ᠬᠤᠲᠠ ᠳᠤ 1᠂ ᠪᠠᠶᠠᠨᠨᠠᠭᠤᠷ ᠬᠤᠲᠠ ᠳᠤ 1 ᠪᠣᠶ᠃      2020 ᠣᠨ ᠳᠤ᠂ ᠥᠪᠡᠷᠲᠡᠭᠡᠨ ᠵᠠᠰᠠᠬᠤ ᠣᠷᠣᠨ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠳᠤ ᠵᠠᠷᠤᠳᠠᠯ ᠤᠨ ᠳᠡᠮᠵᠢᠯᠭᠡ ᠦᠵᠡᠭᠦᠯᠦᠨ᠎ᠡ᠃ ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠪᠠ᠃ ᠣᠳᠣᠬᠠᠨ ᠳᠤ ᠶᠠᠭ ᠰᠠᠨᠠᠯ ᠬᠤᠷᠢᠶᠠᠵᠤ ᠪᠠᠶᠢᠨ᠎ᠠ᠃ ᠲᠡᠭᠦᠯᠳᠡᠷᠵᠢᠭᠦᠯᠦᠭᠰᠡᠨ ᠤ ᠳᠠᠷᠠᠭ᠎ᠠ ᠨᠡᠶᠢᠲᠡᠯᠡᠨ ᠬᠡᠷᠡᠭᠵᠢᠭᠦᠯᠦᠨ᠎ᠡ᠃      ᠥᠪᠡᠷᠲᠡᠭᠡᠨ ᠵᠠᠰᠠᠬᠤ ᠣᠷᠣᠨ ᠤ ᠲᠡᠰ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠢ ᠪᠠᠶᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢᠶᠠᠷ ᠭᠤᠤᠯ ᠪᠣᠯᠭᠠᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢ ᠴᠢᠩᠭᠠᠳᠬᠠᠵᠤ᠂ ᠪᠣᠳᠠᠰ ᠤᠨ ᠪᠤᠰᠤ ᠰᠣᠶᠣᠯ ᠤᠨ ᠥᠪ ᠢ ᠪᠦᠬᠦᠯᠢ ᠴᠣᠭᠴᠠ ᠶᠢᠨ ᠴᠢᠨᠠᠷᠲᠠᠶ ᠬᠠᠮᠠᠭᠠᠯᠠᠬᠤ ᠪᠣᠯᠤᠨ ᠤᠯᠠᠮᠵᠢᠯᠠᠨ ᠬᠦᠭᠵᠢᠭᠦᠯᠭᠦ᠂ ᠰᠣᠶᠣᠯ ᠤᠨ ᠠᠮᠢ ᠠᠬᠤᠶ ᠶᠢᠨ ᠰᠢᠰᠲ᠋ᠧᠮ ᠤᠨ ᠲᠡᠩᠴᠡᠭᠦᠷᠢ ᠪᠠ ᠪᠦᠷᠢᠨ ᠪᠦᠲᠦᠨ ᠪᠠᠶᠢᠬᠤ ᠶᠢ ᠬᠠᠮᠠᠭᠠᠯᠠᠬᠤ︔ ᠰᠣᠶᠣᠯ ᠤᠨ ᠤᠬᠠᠮᠰᠠᠷ ᠢᠶᠠᠨ ᠳᠡᠭᠡᠭᠰᠢᠯᠡᠭᠦᠯᠵᠦ᠂ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠤᠨ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠵᠤ᠂ ᠦᠨᠳᠦᠰᠦᠲᠡᠨ ᠤ ᠢᠲᠡᠭᠡᠯ ᠵᠣᠷᠢᠭ ᠪᠠ ᠨᠢᠭᠲᠠᠷᠠᠯ ᠤᠨ ᠬᠦᠴᠦᠨ ᠢ ᠡᠷᠴᠢᠮᠵᠢᠭᠦᠯᠬᠦ︔ ᠠᠵᠤ ᠠᠬᠤᠶ ᠨᠡᠶᠢᠭᠡᠮ ᠤᠨ ᠪᠦᠬᠦ ᠲᠠᠯ᠎ᠠ ᠶᠢᠨ ᠵᠣᠬᠢᠴᠠᠩᠭᠤᠶ ᠪᠦᠭᠡᠳ ᠦᠷᠭᠦᠯᠵᠢᠯᠡᠨ ᠬᠦᠭᠵᠢᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠨᠢ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠪᠠ ᠵᠢᠯᠣᠭᠤᠳᠤᠯᠭ᠎ᠠ ᠪᠠᠨ ᠴᠢᠩᠭᠠᠳᠬᠠᠵᠤ᠂ ᠪᠦᠬᠦ ᠣᠷᠣᠨ ᠤ ᠪᠣᠳᠠᠰ ᠤᠨ ᠪᠤᠰᠤ ᠰᠣᠶᠣᠯ ᠤᠨ ᠥᠪ ᠬᠥᠷᠥᠩᠭᠡ ᠶᠢ ᠪᠦᠬᠦᠯᠢ ᠴᠣᠭᠴᠠ ᠪᠠᠷ ᠨᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠵᠤ ᠬᠥᠭᠵᠢᠭᠦᠯᠬᠦ ᠶᠢ ᠲᠦᠯᠬᠢᠨ ᠠᠬᠢᠭᠤᠯᠬᠤ ᠶᠤᠮ᠃                             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                             ᠰᠣᠶᠣᠯ ᠪᠠ ᠵᠢᠭᠤᠯᠴᠢᠯᠠᠯ ᠤᠨ ᠲᠢᠩᠬᠢᠮ                                     2020 ᠣᠨ ᠤ 5 ᠳ᠋ᠤᠭᠠᠷ ᠰᠠᠷ᠎ᠠ ᠶᠢᠨ 22 ᠤᠨ ᠡᠳᠦᠷ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号