ᠦᠬᠠᠶ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠤᠳᠠ ᠲᠣᠭᠤᠷᠢᠭ ᠤᠨ ᠣᠯᠠᠨ ᠨᠡᠶᠢᠲᠡ ᠶᠢᠨ ᠰᠣᠶᠣᠯ ᠤᠨ ᠪᠠᠶᠢᠭᠤᠯᠤᠯᠲᠠ ᠶᠢᠨ ᠪᠠᠶᠢᠳᠠᠯ ᠢ ᠭᠦᠨᠵᠡᠭᠡᠶ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/11/6
     11 ᠳ᠋ᠤᠭᠡᠷ ᠰᠠᠷ᠎ᠠ ᠶᠢᠨ 4 ᠤ ᠡᠳᠦᠷ᠂ ᠦᠬᠠᠶ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ  ᠤᠳᠤᠷᠢᠳᠤᠯᠭ᠎ᠠ ᠪᠦᠯᠬᠦᠮ ᠳᠠᠭᠠᠭᠤᠯᠤᠨ ᠪᠠᠶᠢᠴᠠᠭᠠᠨ ᠰᠤᠳᠤᠯᠬᠤ ᠳᠤᠭᠤᠶᠢᠯᠠᠩ ᠪᠠᠶᠢᠭᠤᠯᠵᠤ᠂ ᠤᠳᠠ ᠲᠣᠭᠤᠷᠢᠭ ᠲᠤ ᠭᠦᠨᠵᠡᠭᠡᠶᠢᠷᠡᠨ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠤᠬᠠᠢ ᠶᠢᠨ ᠭᠠᠵᠠᠷ ᠲᠤ ᠪᠠᠶᠢᠴᠠᠭᠠᠨ ᠰᠤᠳᠤᠯᠤᠯᠲᠠ ᠥᠷᠨᠢᠭᠦᠯᠪᠡ᠃      ᠪᠠᠶᠢᠴᠠᠭᠠᠨ ᠰᠤᠳᠤᠯᠤᠯᠲᠠ ᠬᠢᠬᠦ ᠳᠤ ᠪᠠᠨ ᠲᠤᠬᠠᠶ ᠶᠢᠨ ᠭᠠᠵᠠᠷ ᠲᠤ ᠨᠢ ᠰᠤᠷᠪᠤᠯᠵᠢᠯᠠᠬᠤ᠂ ᠶᠠᠷᠢᠯᠴᠠᠬᠤ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠲᠠ ᠬᠢᠬᠦ ᠵᠡᠷᠭᠡ ᠠᠷᠭ᠎ᠠ ᠬᠡᠮᠵᠢᠶ᠎ᠡ ᠶᠢ ᠠᠪᠴᠤ᠂ ᠤᠳᠠ ᠲᠣᠭᠤᠷᠢᠭ ᠤᠨ ᠤᠯᠠᠭᠠᠨᠨᠠᠭᠤᠷ ᠪᠠᠯᠭᠠᠰᠤᠨ ᠤ ᠽᠧ ᠶᠤᠸᠠᠨ ᠨᠡᠶᠢᠭᠡᠮ ᠲᠣᠭᠤᠷᠢᠭ᠂ ᠪᠢᠨ ᠬᠠᠶ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠪᠢᠨ ᠬᠠᠶ ᠨᠡᠶᠢᠭᠡᠮ ᠲᠣᠭᠤᠷᠢᠭ᠂ ᠪᠠᠶᠠᠨᠰᠠᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠢᠩ ᠹᠦ᠋ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠰᠣᠶᠣᠯ ᠤᠨ ᠦᠢᠯᠡᠴᠢᠯᠡᠭᠡᠨ ᠤ ᠲᠥᠪ ᠢ ᠲᠤᠬᠠᠶ ᠶᠢᠨ ᠭᠠᠵᠠᠷ ᠲᠤ ᠨᠢ ᠪᠠᠶᠢᠴᠠᠭᠠᠨ ᠦᠵᠡᠪᠡ᠃ ᠡᠯ᠎ᠡ ᠶᠡᠷᠦᠩᠬᠡᠶᠢᠯᠡᠭᠰᠡᠨ ᠰᠣᠶᠣᠯ ᠤᠨ ᠦᠢᠯᠡᠴᠢᠯᠡᠭᠡᠨ ᠤ ᠲᠥᠪ ᠤᠨ ᠠᠰᠢᠭᠯᠠᠯᠲᠠ ᠶᠢᠨ ᠨᠣᠷᠮ᠎ᠠ᠂ ᠰᠣᠶᠣᠯ ᠲᠠᠮᠢᠷ ᠤᠨ ᠠᠵᠢᠯᠯᠠᠭ᠎ᠠ ᠵᠢᠴᠢ ᠪᠣᠯᠪᠠᠰᠤᠷᠠᠯ ᠤᠨ ᠪᠠᠶᠢᠳᠠᠯ᠂ ᠰᠣᠶᠣᠯ ᠤᠨ ᠡᠩᠨᠡᠭᠡᠨ ᠤ ᠪᠠᠶᠢᠭᠤᠯᠤᠯᠲᠠ ᠶᠢᠨ ᠪᠠᠶᠢᠳᠠᠯ᠂ ᠦᠵᠡᠯ ᠤᠬᠠᠮᠰᠠᠷ ᠤᠨ ᠬᠡᠯᠪᠡᠷᠢ ᠶᠢᠨ ᠪᠠᠶᠢᠭᠤᠯᠤᠯᠲᠠ ᠶᠢ ᠴᠢᠩᠭᠠᠳᠬᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠪᠠᠶᠢᠴᠠᠭᠠᠨ ᠰᠤᠳᠤᠯᠤᠯᠲᠠ ᠬᠢᠪᠡ᠃      ᠲᠠᠷᠠᠭ᠎ᠠ ᠨᠢ᠂ ᠪᠠᠶᠢᠴᠠᠭᠠᠨ ᠰᠤᠳᠤᠯᠬᠤ ᠳᠤᠭᠤᠶᠢᠯᠠᠩ ᠡᠯ᠎ᠡ ᠪᠠᠯᠭᠠᠰᠤᠨ ᠤ ᠰᠣᠶᠣᠯ ᠤᠨ ᠠᠵᠢᠯᠳᠠᠨ᠂ ᠰᠣᠶᠣᠯ ᠲᠠᠮᠢᠷ ᠤᠨ ᠨᠡᠶᠢᠭᠡᠮᠯᠢᠭ ᠤᠨ ᠲᠥᠯᠥᠭᠡᠯᠡᠭᠴᠢᠳ ᠲᠠᠢ ᠶᠠᠷᠢᠯᠴᠠᠪᠠ᠃ ᠨᠢᠭᠡ ᠳᠤ᠂ ᠪᠠᠶᠢᠴᠠᠭᠠᠨ ᠰᠤᠳᠤᠯᠬᠤ ᠳᠤᠮᠳᠠ ᠣᠯᠵᠤ ᠮᠡᠳᠡᠭᠰᠡᠨ ᠠᠰᠠᠭᠤᠳᠠᠯ ᠢ ᠵᠥᠪᠳᠡᠯᠴᠡᠨ ᠴᠡᠭᠴᠡᠯᠡᠨ ᠰᠠᠶᠢᠵᠢᠷᠠᠭᠤᠯᠬᠤ ᠲᠤᠬᠠᠢ᠃ ᠬᠤᠶᠠᠷ ᠲᠤ᠂ ᠦᠨᠳᠦᠰᠦᠨ ᠱᠠᠲᠤᠨ ᠳᠤ ᠣᠷᠣᠰᠢᠵᠤ ᠪᠠᠶᠢᠭ᠎ᠠ ᠬᠦᠴᠢᠷᠳᠡᠯ ᠪᠠ ᠰᠢᠢᠳᠪᠦᠷᠢᠯᠡᠬᠦ ᠴᠢᠬᠤᠯᠠᠲᠠᠶ ᠠᠰᠠᠭᠤᠳᠠᠯ ᠢ ᠬᠢᠨᠠᠮᠠᠭᠠᠶ ᠰᠣᠨᠣᠰᠪᠠ᠃ ᠪᠠᠰᠠ ᠰᠣᠶᠣᠯ ᠤᠨ ᠲᠥᠬᠦᠭᠡᠷᠦᠮᠵᠢ ᠶᠢᠨ ᠲᠣᠬᠢᠷᠠᠭᠤᠯᠤᠯᠲᠠ ᠲᠡᠩᠴᠡᠭᠦᠷᠢ ᠦᠭᠡᠶ᠂ ᠰᠣᠶᠣᠯ ᠤᠨ ᠡᠩᠨᠡᠭᠡᠨ ᠤ ᠪᠣᠯᠪᠠᠰᠤᠷᠠᠯ ᠪᠣᠯᠤᠨ ᠠᠵᠢᠯᠯᠠᠭ᠎ᠠ ᠶᠢᠨ ᠬᠡᠯᠪᠡᠷᠢ ᠪᠠᠶᠠᠯᠢᠭ ᠪᠤᠰᠤ᠂ ᠲᠤᠰᠬᠠᠶ ᠪᠡᠯᠡ ᠮᠥᠩᠭᠦ ᠶᠢ ᠳᠦᠷᠢᠮᠵᠢᠭᠦᠯᠦᠨ ᠬᠡᠷᠡᠭᠯᠡᠬᠦ ᠵᠡᠷᠭᠡ 6 ᠵᠤᠷᠪᠤᠰ ᠴᠡᠭᠴᠡᠯᠡᠨ ᠰᠠᠶᠢᠵᠢᠷᠠᠭᠤᠯᠬᠤ ᠵᠦᠢᠯᠡᠰ ᠢ ᠡᠮᠬᠢᠯᠡᠨ ᠭᠠᠷᠭᠠᠵᠤ᠂ ᠲᠡᠷᠡᠴᠢᠯᠡᠨ ᠡᠯ᠎ᠡ ᠱᠠᠲᠤᠨ ᠤ ᠰᠣᠶᠣᠯ ᠤᠨ ᠰᠠᠯᠠᠭ᠎ᠠ ᠮᠥᠴᠢᠷ ᠢ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠦᠬᠠᠶ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号