ᠵᠦᠸᠧᠽᠢ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠡᠳᠦᠪ — ᠵᠡᠭᠦᠨ ᠬᠡᠰᠡᠭ ᠤᠨ ᠡᠯ ᠷᠧᠨ ᠲᠠᠢ ᠤᠳᠤ ᠦᠶ᠎ᠡ ᠶᠢᠨ ᠵᠦᠴᠦᠭᠡ ︽ᠵᠠᠮ ᠤᠨ ᠬᠠᠵᠠᠭᠤ ᠳᠤ ᠬᠢ ᠡᠬᠡᠨᠡᠷ ᠨᠦᠬᠦᠷ︾ ᠢ ᠤᠯᠠᠭᠠᠨᠮᠥ᠋ᠴᠢᠷ ᠤᠨ ᠵᠦᠴᠦᠭᠡ ᠶᠢᠨ ᠲᠠᠯᠠᠪᠠᠢ ᠳᠤ ᠠᠮᠵᠢᠯᠲᠠ ᠲᠠᠢ ᠠᠩᠬ᠎ᠠ ᠤᠳᠠᠭ᠎ᠠ ᠲᠤᠭᠯᠠᠪᠠ
ᠨᠡᠶᠢᠲᠡᠯᠡᠭᠰᠡᠨ ᠴᠠᠭ᠄
2020/11/6
     10 ᠳ᠋ᠤᠭᠠᠷ ᠰᠠᠷ᠎ᠠ ᠶᠢᠨ 30 ᠤ ᠡᠳᠦᠷ᠂ ᠵᠦᠸᠧᠽᠢ ᠰᠢᠶᠠᠨ ᠤ ᠤᠯᠠᠭᠠᠨᠮᠥ᠋ᠴᠢᠷ ᠤᠨ ᠵᠣᠬᠢᠶᠠᠨ ᠪᠦᠲᠦᠭᠡᠵᠦ ᠲᠣᠭᠯᠠᠭᠰᠠᠨ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠰᠡᠳᠦᠪ — ᠵᠡᠭᠦᠨ ᠬᠡᠰᠡᠭ ᠤᠨ ᠡᠯ ᠷᠧᠨ  ᠲᠠᠢ ᠣᠲᠣ ᠦᠶ᠎ᠡ ᠶᠢᠨ ᠵᠦᠴᠦᠭᠡ ︽ᠵᠠᠮ ᠤᠨ ᠬᠠᠵᠠᠭᠤ  ᠳᠤ ᠬᠢ ᠡᠬᠡᠨᠡᠷ ᠨᠦᠬᠦᠷ︾ ᠢ ᠤᠯᠠᠭᠠᠨᠮᠥ᠋ᠴᠢᠷ ᠤᠨ ᠲᠢᠶᠠᠲᠷ ᠲᠤ ᠠᠩᠬ᠎ᠠ ᠲᠣᠭᠯᠠᠪᠠ᠃      ᠲᠤᠰ ᠵᠦᠴᠦᠭᠡ ᠨᠢ ᠭᠤᠤᠯ ᠪᠠᠭᠠᠲᠤᠷ ᠭᠧᠨ ᠬᠤ᠋ ᠶᠢᠨ ᠶᠠᠳᠠᠭᠤ ᠠᠴᠠ ᠠᠩᠭᠢᠵᠢᠷᠠᠨ ᠪᠠᠶᠠᠵᠢᠭᠰᠠᠨ ᠨᠡᠶᠢᠲᠡᠯᠢᠭ ᠦᠢᠯᠡ ᠶᠠᠪᠤᠳᠠᠯ ᠢᠶᠠᠷ ᠳᠠᠭᠤᠷᠢᠶᠠᠯ ᠪᠣᠯᠭᠠᠵᠤ᠂ ᠭᠡᠷ ᠪᠦᠯᠢ ᠶᠢᠨ ᠬᠢ ᠨᠢ ᠪᠤᠳᠠᠷᠠᠨ ᠰᠠᠷᠨᠢᠵᠤ ᠪᠤᠴᠠᠵᠤ ᠬᠠᠮᠲᠤᠷᠠᠭᠰᠠᠨ ᠢᠶᠠᠷ ᠠᠷᠤ ᠦᠵᠡᠭᠳᠡᠯ ᠪᠤᠯᠭᠠᠵᠤ᠂ ᠪᠦᠬᠦ ᠰᠢᠶᠠᠨ ᠤ ᠡᠯ᠎ᠡ ᠱᠠᠲᠤᠨ ᠤ ᠺᠠᠳ᠋ᠷ ᠣᠯᠠᠨ ᠲᠦᠮᠡᠨ ᠤ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ︾ ᠶᠢᠨ ᠲᠥᠯᠥᠭᠡ ᠲᠡᠮᠡᠴᠡᠭᠰᠡᠨ ᠤᠯᠠ ᠮᠥᠷ ᠢ ᠲᠣᠭᠯᠠᠭᠴᠢᠳ ᠤᠨ ᠭᠤᠶᠢᠳᠠ ᠰᠠᠶᠢᠬᠠᠨ ᠲᠣᠭᠯᠠᠯᠲᠠ ᠪᠣᠯᠤᠨ ᠵᠦᠴᠦᠭᠡ ᠶᠢᠨ ᠪᠠᠶᠢᠳᠠᠯ ᠤᠨ ᠬᠥᠭᠵᠢᠯᠲᠡ ᠪᠠᠷ ᠳᠠᠮᠵᠢᠭᠤᠯᠤᠨ ᠠᠭᠠᠵᠢᠮ ᠢᠶᠠᠷ ᠢᠯᠡᠷᠡᠭᠦᠯᠵᠡᠢ᠃      ᠠᠩᠬᠠᠨ ᠤ ᠲᠣᠭᠯᠠᠯᠲᠠ ᠶᠢᠨ ᠠᠬᠤᠶ ᠲᠠᠯᠠᠪᠠᠢ ᠳᠤ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠨᠢᠵᠢᠭᠢᠨᠡᠵᠦ᠂ ᠵᠦᠸᠧᠽᠢ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠰᠢᠯᠢᠳᠡᠭ ᠦᠷ᠎ᠡ ᠪᠦᠲᠦᠭᠡᠯ ᠢ ᠳᠡᠯᠭᠡᠨ ᠬᠠᠷᠠᠭᠤᠯᠪᠠ᠃
 
ᠢᠷᠡᠯᠲᠡ᠄ ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号