ᠬᠢᠩᠭᠠᠨ ᠠᠶᠢᠮᠠᠭ ᠠᠷᠪᠠᠨ ᠲᠠᠪᠤᠳᠤᠭᠠᠷ ᠬᠤᠭᠤᠴᠠᠭᠠᠨ ᠤ ᠷᠠᠰᠢᠶᠠᠨ ᠤ ᠮᠥᠰᠥ ᠴᠠᠰᠤᠨ ᠤ ᠨᠠᠭᠠᠳᠤᠮ ᠢ ᠡᠷᠭᠢᠯᠡᠬᠦ ᠶᠢ ᠵᠥᠪᠰᠢᠶᠡᠷᠡᠬᠦ ᠲᠤᠬᠠᠶ ᠴᠣᠬᠤᠯᠠᠪᠤᠷᠢ
ᠨᠡᠶᠢᠲᠡᠯᠡᠭᠰᠡᠨ ᠴᠠᠭ᠄
2020/12/25
ᠬᠢᠩᠭᠠᠨ ᠠᠶᠢᠮᠠᠭ ᠤᠨ ᠵᠠᠬᠢᠷᠭ᠎ᠠ᠄      《ᠠᠷᠪᠠᠨ ᠲᠠᠪᠤᠳᠤᠭᠠᠷ ᠬᠤᠭᠤᠴᠠᠭᠠᠨ ᠤ ᠷᠠᠰᠢᠶᠠᠨ ᠤ ᠮᠥᠰᠥ ᠴᠠᠰᠤᠨ ᠤ ᠨᠠᠭᠠᠳᠤᠮ ᠢ ᠡᠷᠬᠢᠯᠡᠬᠦ ᠲᠤᠬᠠᠢ ᠵᠢᠭᠠᠪᠤᠷᠢ ᠠᠪᠬᠤ ᠮᠡᠳᠡᠭᠦᠯᠦᠯᠲᠡ 》( ᠬᠢᠩᠭᠠᠨ ᠠᠶᠢᠮᠠᠭ ᠤᠨ ᠵᠠᠬᠢᠷᠭ᠎ᠠ ᠲᠠᠷᠬᠠᠭᠠᠭᠰᠠᠨ〔2020〕96 ᠳ᠋ᠤᠭᠠᠷ ᠲᠣᠭᠠᠲᠤ ) ᠶᠢ ᠣᠯᠵᠤ ᠣᠶᠢᠯᠠᠭᠠᠪᠠ᠃《 ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ ( ᠲᠤᠷᠰᠢᠨ ᠬᠡᠷᠡᠭᠵᠢᠭᠦᠯᠬᠦ ) 》( ᠲᠥᠪ ᠤᠨ ᠠᠯᠪᠠᠨ ᠭᠡᠷ ᠲᠠᠷᠬᠠᠭᠠᠭᠰᠠᠨ〔 2012〕18 ᠳ᠋ᠤᠭᠠᠷ ᠲᠣᠭᠠᠲᠤ )᠂《 ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠬᠦ ᠨᠠᠷᠢᠨ ᠲᠦᠷᠢᠮ 》( ᠤᠯᠤᠰ ᠤᠨ ᠴᠡᠭᠴᠡᠯᠡᠨ ᠳᠦᠷᠢᠮᠵᠢᠭᠦᠯᠬᠦ ᠠᠵᠢᠯ ᠤᠨ ᠳᠤᠭᠤᠶᠢᠯᠠᠩ ᠲᠠᠷᠬᠠᠭᠠᠭᠰᠠᠨ 〔2019〕1 ᠳ᠋ᠦ᠋ᠭᠡᠷ ᠲᠣᠭᠠᠲᠤ ) ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ《 ᠪᠠᠶᠠᠷ ᠳᠤᠷᠠᠰᠬᠠᠯ᠂ ᠶᠠᠷᠢᠶᠠᠨ ᠤ ᠲᠠᠪᠴᠠᠩ᠂ ᠦᠵᠡᠰᠬᠦᠯᠡᠩ ᠤᠨ ᠴᠤᠭᠯᠠᠭᠠᠨ  ᠤ ᠠᠵᠢᠯᠯᠠᠭ᠎ᠠ ᠶᠢᠨ ᠬᠠᠮᠢᠶᠠᠷᠤᠯᠲᠠ ᠶᠢᠨ ᠠᠵᠢᠯ ᠢ ᠦᠨᠡᠨ ᠬᠦ ᠴᠢᠩᠭᠠᠳᠬᠠᠬᠤ ᠲᠤᠬᠠᠶ ᠮᠡᠳᠡᠭᠳᠡᠯ 》᠂《 ᠪᠠᠶᠠᠷ ᠳᠤᠷᠠᠰᠬᠠᠯ ᠶᠠᠷᠢᠶᠠᠨ ᠤ ᠲᠠᠪᠴᠠᠩ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠮᠡᠳᠡᠭᠳᠡᠯ 》( ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠪᠠᠶᠠᠷ ᠳᠤᠷᠠᠰᠬᠠᠯ ᠶᠣᠰᠣᠯᠠᠯ ᠤᠨ ᠬᠠᠮᠢᠶᠠᠷᠤᠯᠲᠠ ᠶᠢᠨ ᠠᠵᠢᠯ ᠤᠨ ᠳᠤᠭᠤᠶᠢᠯᠠᠩ ᠤᠨ ᠦᠰᠦᠭ〔2020〕2 ᠳ᠋ᠤᠭᠠᠷ ᠲᠣᠭᠠᠲᠤ ) ᠵᠡᠷᠭᠡ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠬᠠᠮᠢᠶᠠᠷᠤᠯᠲᠠ  ᠶᠢᠨ ᠬᠤᠯᠪᠣᠭᠳᠠᠯ ᠪᠦᠬᠦᠢ ᠲᠣᠭᠲᠠᠭᠠᠯ ᠳᠤ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠪᠠᠶᠠᠷ ᠳᠤᠷᠠᠰᠬᠠᠯ ᠶᠣᠰᠣᠯᠠᠯ ᠤᠨ ᠠᠵᠢᠯ ᠢ ᠵᠢᠷᠤᠮᠵᠢᠭᠤᠯᠬᠤ ᠲᠤᠰᠬᠠᠶ ᠳᠤᠭᠤᠶᠢᠯᠠᠩ ᠤᠨ ᠠᠩᠬᠠᠨ ᠤ ᠬᠢᠨᠠᠯᠲᠠ ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ ᠤ ᠵᠢᠷᠤᠮᠵᠢᠭᠤᠯᠬᠤ  ᠰᠢᠯᠭᠠᠷᠠᠭᠤᠯᠬᠤ ᠪᠠᠷᠢᠮᠵᠢᠶᠠᠵᠢᠭᠤᠯᠬᠤ ᠬᠦᠬᠢᠭᠦᠯᠬᠦ ᠵᠢᠴᠢ ᠪᠠᠶᠠᠷ ᠳᠤᠷᠠᠰᠬᠠᠯ ᠶᠠᠷᠢᠶᠠᠨ ᠤ ᠲᠠᠪᠴᠠᠩ ᠦᠵᠡᠰᠬᠦᠯᠡᠩ ᠤᠨ ᠴᠤᠭᠯᠠᠭᠠᠨ ᠤ  ᠠᠵᠢᠯᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2020 ᠣᠨ ᠤ ᠨᠢᠭᠡᠳᠦᠭᠡᠷ ᠤᠳᠠᠭᠠᠨ ᠤ ᠬᠤᠷᠠᠯ ᠳᠤ ᠳᠡᠪᠰᠢᠭᠦᠯᠦᠨ  ᠰᠤᠳᠤᠯᠤᠭᠤᠯᠵᠤ᠂ ᠤᠳᠤᠷᠢᠳᠬᠤ ᠳᠤᠭᠤᠶᠢᠯᠠᠩ ᠢᠶᠠᠷ ᠬᠢᠨᠠᠭᠤᠯᠤᠨ ᠭᠠᠷ ᠤᠨ ᠦᠰᠦᠭ ᠵᠢᠷᠤᠭᠤᠯᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠦᠪᠰᠢᠶᠡᠷᠡᠭᠰᠡᠨ ᠲᠤᠯᠠᠳᠠ ᠣᠳᠣ ᠲᠠᠨ ᠤ ᠠᠶᠢᠮᠠᠭ ᠤᠨ ᠠᠷᠪᠠᠨ ᠲᠠᠪᠤᠳᠤᠭᠠᠷ ᠬᠤᠭᠤᠴᠠᠭᠠᠨ ᠤ ᠷᠠᠰᠢᠶᠠᠨ ᠤ ᠮᠥᠰᠥ ᠴᠠᠰᠤᠨ ᠤ ᠨᠠᠭᠠᠳᠤᠮ ᠢ ᠡᠷᠬᠢᠯᠡᠬᠦ ᠶᠢ ᠵᠦᠪᠰᠢᠶᠡᠷᠡᠪᠡ᠃      ᠡᠭᠦᠨ ᠤ ᠬᠠᠮᠲᠤ᠂ ᠳᠣᠤᠷᠠᠬᠢ ᠱᠠᠭᠠᠷᠳᠠᠯᠭ᠎ᠠ ᠶᠢ ᠭᠦᠢᠴᠡᠳᠭᠡᠭᠲᠦᠨ᠄ ᠨᠢᠭᠡ ᠳᠤ᠂ ᠣᠳᠣᠬᠠᠨ ᠤ ᠬᠢᠯᠢ ᠶᠢᠨ ᠭᠠᠳᠠᠨ᠎ᠠ ᠠᠴᠠ ᠬᠢᠵᠢᠭ ᠬᠠᠯᠳᠠᠪᠤᠷᠢᠯᠠᠨ ᠣᠷᠣᠵᠤ ᠢᠷᠡᠨ᠂ ᠬᠢᠯᠢ ᠶᠢᠨ ᠳᠣᠲᠣᠷᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠣᠴᠢᠲᠠᠶ ᠪᠠᠶᠢᠬᠤ ᠪᠣᠯᠬᠤᠷ ᠲᠣᠭᠲᠠᠭᠰᠠᠨ ᠴᠠᠭ ᠲᠤ ᠡᠬᠢᠯᠡᠭᠦᠯᠦᠨ ᠬᠢᠬᠦ ᠡᠰᠡᠬᠦ ᠶᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠪᠠᠶᠢᠳᠠᠯ ᠪᠣᠯᠤᠨ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠵᠥᠪᠰᠢᠶᠡᠷᠡᠯ ᠢᠶᠠᠷ ᠲᠣᠭᠲᠠᠭᠠᠭᠳᠠᠬᠤ ᠬᠡᠷᠡᠭᠲᠡᠶ᠃ ᠬᠤᠶᠠᠷ ᠲᠤ᠂《 ᠬᠡᠨ ᠳᠡᠪᠰᠢᠭᠦᠯᠪᠡᠯ ᠬᠡᠨ ᠬᠠᠷᠢᠭᠤᠴᠠᠬᠤ 》᠂《 ᠬᠡᠨ ᠭᠤᠤᠯᠯᠠᠨ ᠡᠷᠬᠢᠯᠡᠪᠡᠯ ᠬᠡᠨ ᠬᠠᠷᠢᠭᠤᠴᠠᠬᠤ 》ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠶᠯ ᠤᠨ ᠬᠠᠷᠢᠭᠤᠴᠠᠯᠭ᠎ᠠ ᠶᠢ ᠬᠥᠮᠦᠨ ᠳᠤ ᠨᠢ ᠬᠦᠷᠲᠡᠯ᠎ᠡ ᠨᠠᠶᠢᠳᠠᠪᠤᠷᠢᠵᠢᠭᠤᠯᠬᠤ᠂ ᠣᠷᠤᠨ ᠳᠤ ᠨᠢ ᠬᠦᠷᠲᠡᠯ᠎ᠡ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠠᠵᠢᠯᠯᠠᠭ᠎ᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠭᠤᠷᠪᠠ ᠳᠤ᠂ ᠲᠥᠪ ᠤᠨ ᠨᠠᠶᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠪᠣᠯᠤᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠥᠬᠦᠷ ᠲᠣᠭᠲᠠᠭᠠᠯ ᠢ ᠴᠢᠩᠭ᠎ᠠ ᠬᠡᠷᠡᠭᠵᠢᠭᠦᠯᠦᠨ ᠪᠠᠶᠢᠵᠤ ᠡᠯ᠎ᠡ ᠵᠦᠶᠯ ᠤᠨ ᠠᠵᠢᠯᠯᠠᠭ᠎ᠠ ᠦᠷᠨᠢᠭᠦᠯᠦᠨ᠂ ᠠᠷᠪᠢᠴᠢ ᠭᠠᠮᠲᠠᠢ ᠪᠠᠷ ᠨᠠᠭᠠᠳᠤᠮ ᠢ ᠡᠷᠬᠢᠯᠡᠬᠦ ᠬᠡᠷᠡᠭᠲᠡᠶ᠃ ᠲᠦᠷᠪᠡ ᠳᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠵᠥᠪ ᠤᠳᠤᠷᠢᠳᠤᠮᠵᠢ ᠶᠢ ᠰᠠᠶᠢᠲᠤᠷ ᠡᠵᠡᠮᠳᠡᠨ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠲᠠᠪᠤ ᠳᠤ᠂ ᠭᠠᠳᠠᠭᠠᠳᠤ ᠶᠢᠨ ᠪᠠ ᠰᠢᠶᠠᠩᠭᠠᠩ ᠣᠣᠮᠧᠨ ᠲᠠᠶᠢᠸᠠᠨ ᠣᠷᠣᠨ ᠤ ᠬᠥᠮᠦᠰ ᠢ ᠤᠷᠢᠵᠤ ᠳᠤᠮᠳᠠᠳᠤ ᠤᠯᠤᠰ ᠲᠤ ᠢᠷᠡᠭᠦᠯᠬᠦ ᠶᠠᠪᠤᠳᠠᠯ ᠲᠠᠢ ᠬᠤᠯᠪᠣᠭᠳᠠᠪᠠᠯ᠂ ᠭᠠᠳᠠᠭᠠᠳᠤ ᠶᠠᠪᠤᠳᠠᠯ ᠤᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠭᠠᠳᠠᠭᠠᠳᠤ ᠶᠠᠪᠤᠳᠠᠯ ᠵᠡᠷᠭᠡ ᠰᠠᠯᠠᠭ᠎ᠠ ᠮᠥᠴᠢᠷ ᠲᠤ ᠠᠰ ᠲᠤ ᠨᠢ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃ ᠵᠢᠷᠭᠤᠭ᠎ᠠ ᠳᠤ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ( ᠠᠵᠢᠯ ᠠᠴᠠ ᠪᠠᠨ ᠠᠮᠠᠷᠠᠭᠰᠠᠨ ᠤᠳᠤᠷᠢᠳᠤᠯᠭ᠎ᠠ ᠶᠢ ᠪᠠᠭᠲᠠᠨ᠎ᠠ ) ᠶᠢ ᠦᠨᠡᠨ ᠬᠦ ᠤᠷᠢᠵᠤ ᠣᠷᠣᠯᠴᠠᠭᠤᠯᠬᠤ ᠴᠢᠬᠤᠯᠠ  ᠲᠠᠢ ᠪᠣᠯ ᠮᠡᠳᠡᠭᠦᠯᠵᠦ ᠵᠥᠪᠰᠢᠶᠡᠷᠡᠭᠦᠯᠬᠦ ᠭᠠᠷᠳᠠᠮ ᠢ ᠴᠢᠩᠭ᠎ᠠ ᠭᠦᠢᠴᠡᠳᠭᠡᠭᠡᠷᠡᠢ᠃ ᠳᠣᠯᠤᠭ᠎ᠠ ᠳᠤ᠂ ᠱᠠᠩᠨᠠᠯ ᠰᠢᠯᠭᠠᠷᠠᠭᠤᠯᠬᠤ ᠲᠠᠢ ᠬᠤᠯᠪᠣᠭᠳᠠᠪᠠᠯ᠂ ᠰᠢᠯᠭᠠᠷᠠᠭᠤᠯᠬᠤ ᠪᠠᠷᠢᠮᠵᠢᠶᠠᠵᠢᠭᠤᠯᠬᠤ ᠬᠦᠬᠢᠭᠦᠯᠬᠦ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠳᠡᠰ ᠳᠠᠷᠠᠭᠠᠯᠠᠯ ᠢᠶᠠᠷ ᠭᠦᠢᠴᠡᠳᠭᠡᠭᠡᠷᠡᠢ᠃ ᠨᠠᠶᠮᠠ ᠳᠤ᠂ ᠭᠠᠯ  ᠢ ᠰᠡᠷᠭᠡᠶᠢᠯᠡᠬᠦ᠂ ᠬᠦᠴᠦᠷᠬᠡᠭᠯᠡᠯ ᠢ ᠰᠡᠷᠭᠡᠶᠢᠯᠡᠬᠦ᠂ ᠭᠢᠰᠬᠢᠯᠲᠡ ᠶᠢ ᠰᠡᠷᠭᠡᠶᠢᠯᠡᠬᠦ ᠵᠡᠷᠭᠡ ᠠᠮᠤᠷ ᠲᠦᠪᠰᠢᠨ ᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠠᠵᠢᠯ ᠢ ᠰᠠᠶᠢᠲᠤᠷ ᠬᠢᠵᠦ᠂ ᠠᠵᠢᠯᠯᠠᠭ᠎ᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃      ᠲᠠᠨ ᠤ ᠠᠶᠢᠮᠠᠭ ᠴᠣᠬᠤᠯᠠᠪᠤᠷᠢᠯᠠᠭᠰᠠᠨ ᠵᠦᠶᠯᠡᠰ ᠢ ᠴᠢᠩᠭ᠎ᠠ ᠵᠢᠷᠤᠮᠯᠠᠨ ᠬᠠᠮᠢᠶ᠎ᠠ ᠪᠥᠬᠦᠶ ᠠᠵᠢᠯᠯᠠᠭ᠎ᠠ ᠶᠢ ᠳᠦᠷᠢᠮᠵᠢᠭᠦᠯᠬᠦ ᠬᠡᠷᠡᠭᠲᠡᠢ᠃ ᠠᠵᠢᠯᠯᠠᠭ᠎ᠠ ᠶᠢᠨ ᠭᠤᠤᠯ ᠴᠣᠭᠴᠠ᠂ ᠠᠭᠤᠯᠭ᠎ᠠ᠂ ᠲᠥᠷᠥᠯ ᠵᠦᠶᠯ ᠵᠡᠷᠭᠡ ᠳᠤ ᠳᠤᠷ᠎ᠠ ᠪᠠᠷ ᠵᠠᠰᠠᠯᠲᠠ ᠣᠷᠤᠭᠤᠯᠬᠤ ᠶᠢ ᠴᠢᠩᠭ᠎ᠠ ᠬᠤᠷᠢᠭᠯᠠᠨ᠎ᠠ᠃ ᠪᠤᠰᠤᠳ ᠬᠢᠵᠦ ᠡᠰᠡ ᠳᠡᠶᠢᠯᠬᠦ ᠵᠦᠶᠯᠡᠰ ᠢ ᠴᠠᠭ ᠲᠤᠬᠠᠶ ᠳᠤ ᠨᠢ ᠥᠪᠡᠷᠲᠡᠭᠡᠨ ᠵᠠᠰᠠᠬᠤ ᠣᠷᠣᠨ ᠤ ᠲᠤᠰᠬᠠᠶ ᠵᠦᠶᠯ ᠤᠨ ᠳᠤᠭᠤᠶᠢᠯᠠᠩ ᠲᠠᠢ ᠨᠡᠪᠲᠡᠷᠡᠯᠴᠡᠨ ᠵᠣᠬᠢᠴᠠᠭᠤᠯᠤᠭᠠᠷᠠᠶ᠃ ᠡᠭᠦᠨ ᠤ ᠵᠡᠷᠭᠡᠴᠡᠭᠡ ᠪᠠᠷ᠂ ᠲᠣᠰ ᠴᠣᠬᠤᠯᠠᠪᠤᠷᠢ ᠶᠢ ᠭᠥᠯᠢᠶᠡᠨ ᠠᠪᠤᠭᠰᠠᠨ 1 ᠰᠠᠷ᠎ᠠ ᠶᠢᠨ ᠳᠣᠲᠣᠷ᠎ᠠ᠂ ᠰᠠᠯᠠᠭ᠎ᠠ ᠮᠥᠴᠢᠷ ᠤᠨ ᠰᠦᠯᠵᠢᠶᠡᠨ ᠤ ᠥᠷᠲᠡᠭᠡ ᠪᠠᠷ ᠳᠠᠮᠵᠢᠭᠤᠯᠤᠨ ᠬᠠᠮᠢᠶ᠎ᠠ ᠪᠥᠬᠦᠶ ᠮᠡᠳᠡᠭᠡ ᠵᠠᠩᠭᠢ  ᠶᠢ ᠨᠡᠶᠢᠭᠡᠮ ᠳᠤ ᠨᠡᠶᠢᠲᠡᠯᠡᠬᠦ ᠬᠡᠷᠡᠭᠲᠡᠶ︔ ᠠᠵᠢᠯᠯᠠᠭ᠎ᠠ ᠳᠠᠭᠤᠰᠤᠭᠰᠠᠨ ᠤ ᠳᠠᠷᠠᠭᠠᠬᠢ 1 ᠰᠠᠷ᠎ᠠ ᠶᠢᠨ ᠳᠣᠲᠣᠷ᠎ᠠ᠂ ᠥᠪᠡᠷᠲᠡᠭᠡᠨ ᠵᠠᠰᠠᠬᠤ ᠣᠷᠣᠨ ᠤ ᠪᠠᠶᠠᠷ ᠳᠤᠷᠠᠰᠬᠠᠯ ᠶᠣᠰᠣᠯᠠᠯ ᠢ ᠵᠢᠷᠤᠮᠵᠢᠭᠤᠯᠬᠤ ᠠᠵᠢᠯ ᠤᠨ ᠲᠤᠰᠬᠠᠶ ᠳᠤᠭᠤᠶᠢᠯᠠᠩ ( ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠳᠤ ᠲᠣᠬᠢᠷᠠᠭᠤᠯᠪᠠ ) ᠳᠤ ᠠᠵᠢᠯᠯᠠᠭ᠎ᠠ ᠶᠢᠨ ᠳ᠋ᠦᠩᠨᠡᠯᠲᠡ ᠪᠠᠨ ᠮᠡᠳᠡᠭᠦᠯᠦᠭᠡᠷᠡᠢ᠃      ᠲᠤᠰᠬᠠᠢ ᠴᠣᠬᠤᠯᠠᠪᠤᠷᠢᠯᠠᠪᠠ                 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠷ ᠳᠤᠷᠠᠰᠬᠠᠯ                 ᠶᠣᠰᠣᠯᠠᠯ ᠢ ᠵᠢᠷᠤᠮᠵᠢᠭᠤᠯᠬᠤ ᠠᠵᠢᠯ ᠤᠨ ᠲᠤᠰᠬᠠᠶ ᠳᠤᠭᠤᠶᠢᠯᠠᠩ                          2020 ᠣᠨ ᠤ 12 ᠳ᠋ᠤᠭᠠᠷ ᠰᠠᠷ᠎ᠠ ᠶᠢᠨ 14 ᠤ ᠡᠳᠦᠷ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号