ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠬᠤᠶᠠᠳᠤᠭᠠᠷ ᠬᠤᠭᠤᠴᠠᠭᠠᠨ ᠤ ᠪᠦᠬᠦ ᠣᠷᠣᠨ ᠤ ᠤᠯᠠᠭᠠᠨᠮᠥ᠋ᠴᠢᠷ ᠤᠨ ᠰᠢᠨ᠎ᠡ ᠬᠥᠮᠦᠨ ᠤ ᠰᠢᠨ᠎ᠡ ᠪᠦᠲᠦᠭᠡᠯ ᠤᠨ ᠤᠷᠤᠯᠳᠤᠭᠠᠨ ᠤ ᠱᠠᠩᠨᠠᠯ ᠣᠯᠤᠭᠰᠠᠨ ᠨᠡᠷᠡᠰ ᠢ ᠨᠡᠶᠢᠲᠡᠯᠡᠬᠦ ᠲᠤᠬᠠᠶ  ᠮᠡᠳᠡᠭᠳᠡᠯ
ᠨᠡᠶᠢᠲᠡᠯᠡᠭᠰᠡᠨ ᠴᠠᠭ᠄
2020/12/25
   
     ᠡᠯ᠎ᠡ ᠠᠶᠢᠮᠠᠭ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠡᠷᠢᠶᠡᠨ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠥᠪᠥᠷ ᠮᠣᠩᠭᠤᠯ ᠤᠨ ᠦᠨᠳᠦᠰᠦᠲᠡᠨ ᠤ ᠤᠷᠠᠯᠢᠭ ᠤᠨ ᠵᠦᠴᠦᠭᠡ ᠶᠢᠨ ᠬᠦᠷᠢᠶᠡᠯᠡᠩ      ᠬᠤᠶᠠᠳᠤᠭᠠᠷ ᠬᠤᠭᠤᠴᠠᠭᠠᠨ ᠤ ᠪᠥᠬᠦ ᠣᠷᠣᠨ ᠤ ᠤᠯᠠᠭᠠᠨᠮᠥ᠋ᠴᠢᠷ ᠤᠨ ᠰᠢᠨ᠎ᠡ ᠬᠥᠮᠥᠨ ᠤ ᠰᠢᠨ᠎ᠡ ᠪᠦᠲᠦᠭᠡᠯ  ᠤᠨ ᠤᠷᠤᠯᠳᠤᠭᠠᠨ 2020 ᠣᠨ ᠤ 11 ᠳ᠋ᠦ᠋ᠭᠡᠷ ᠰᠠᠷ᠎ᠠ ᠶᠢᠨ 17 ᠤ ᠡᠳᠦᠷ ᠠᠴᠠ 22 ᠤᠨ ᠡᠳᠦᠷ ᠪᠣᠯᠲᠠᠯ᠎ᠠ ᠤᠯᠠᠭᠠᠨᠬᠠᠳᠠ ᠳᠡᠭᠡᠳᠦ ᠰᠤᠷᠭᠠᠭᠤᠯᠢ ᠳᠤ ᠶᠠᠪᠤᠭᠳᠠᠪᠠ᠃ ᠲᠣᠰ ᠤᠳᠠᠭᠠᠨ ᠤ ᠤᠷᠤᠯᠳᠤᠭᠠᠨ ᠨᠢ ᠡᠯ᠎ᠡ ᠠᠶᠢᠮᠠᠭ ᠬᠤᠲᠠ ᠶᠢᠨ ᠳᠡᠪᠰᠢᠬᠦᠯᠦᠭᠰᠡᠨ ᠰᠠᠭᠤᠷᠢᠨ ᠳᠡᠭᠡᠷ᠎ᠡ᠂ ᠲᠤᠰᠬᠠᠶ ᠮᠡᠷᠭᠡᠵᠢᠯᠲᠡᠨ ᠤ ᠰᠢᠯᠭᠠᠷᠠᠭᠤᠯᠤᠯᠲᠠ ᠪᠠᠷ ᠳᠡᠮᠵᠢᠨ᠂ ᠪᠥᠬᠦ ᠣᠷᠣᠨ ᠤ ᠮᠡᠳᠡᠭᠦᠯᠦᠭᠰᠡᠨ 488 ᠪᠦᠲᠦᠭᠡᠯ ᠠᠴᠠ 98 ᠪᠦᠲᠦᠭᠡᠯ ᠢ ᠰᠢᠯᠭᠠᠷᠠᠭᠤᠯᠵᠤ ᠲᠤᠬᠠᠶ ᠶᠢᠨ ᠲᠠᠯᠠᠪᠠᠶ  ᠶᠢᠨ ᠰᠢᠶᠳᠪᠦᠷᠢᠲᠦ ᠤᠷᠤᠯᠳᠤᠭᠠᠨ ᠳᠤ ᠣᠷᠣᠯᠴᠠᠭᠤᠯᠵᠠᠶ᠃ ᠤᠷᠤᠯᠳᠤᠭᠠᠨ ᠢᠶᠠᠷ ᠳᠡᠮᠵᠢᠨ᠂ ᠠᠮᠢᠳᠤᠷᠠᠯ ᠤᠨ ᠠᠭᠤᠷ ᠠᠮᠢᠰᠬᠤᠯ ᠢᠶᠠᠷ ᠥᠳᠬᠡᠨ᠂ ᠴᠠᠭ ᠦᠶ᠎ᠡ ᠶᠢᠨ ᠣᠨᠴᠠᠯᠢᠭ ᠢᠶᠠᠷ ᠢᠯᠡ ᠲᠣᠳᠣ᠂ ᠦᠵᠡᠯ ᠰᠠᠨᠠᠭ᠎ᠠ ᠰᠠᠶᠢᠨ᠂ ᠶᠠᠰᠤ ᠴᠢᠨᠠᠷ ᠥᠨᠳᠥᠷ᠂ ᠪᠣᠳᠠᠲᠤ ᠠᠮᠢᠳᠤᠷᠠᠯ ᠢ ᠲᠤᠰᠬᠠᠭᠰᠠᠨ᠂ ᠬᠥᠭᠵᠢᠯᠲᠡ ᠶᠢᠨ ᠭᠤᠤᠯ ᠰᠡᠳᠦᠪ ᠲᠠᠢ ᠨᠢᠭᠲᠠ ᠤᠶᠠᠯᠳᠤᠭᠰᠠᠨ᠂ ᠴᠠᠭ ᠦᠶ᠎ᠡ ᠶᠢᠨ ᠬᠡᠪ ᠰᠤᠷᠲᠠᠯ ᠢ ᠮᠠᠭᠲᠠᠨ ᠳᠠᠭᠤᠯᠠᠭᠰᠠᠨ ᠨᠢᠭᠡ ᠪᠦᠯᠦᠭ ᠤᠷᠠᠯᠢᠭ ᠤᠨ ᠪᠦᠲᠦᠭᠡᠯ ᠴᠣᠯᠭᠤᠷᠠᠨ ᠭᠠᠷᠤᠭᠰᠠᠨ ᠪᠥᠭᠡᠳ ᠪᠠᠰᠠ ᠨᠢᠭᠡ ᠪᠦᠯᠦᠭ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠪᠠᠷ ᠨᠡᠯᠢᠶᠡᠳ ᠴᠢᠩᠭ᠎ᠠ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢᠶᠠᠷ ᠨᠡᠯᠢᠶᠡᠳ ᠥᠨᠳᠥᠷ᠂ ᠨᠢᠭᠡ ᠵᠦᠶᠯ ᠳᠤ ᠮᠡᠷᠭᠡᠰᠢᠵᠦ ᠣᠯᠠᠨ ᠵᠦᠶᠯ ᠳᠤ ᠴᠠᠭᠠᠷᠠᠭᠰᠠᠨ ᠰᠢᠨ᠎ᠡ ᠨᠢᠭᠡ ᠦᠶ᠎ᠡ ᠶᠢᠨ ᠵᠠᠯᠠᠭᠤᠴᠤᠳ ᠴᠣᠯᠭᠤᠷᠠᠨ ᠭᠠᠷᠤᠭᠰᠠᠨ ᠪᠠᠶᠢᠨ᠎ᠠ᠃      ᠲᠤᠰ ᠤᠳᠠᠭᠠᠨ ᠤ ᠤᠷᠤᠯᠳᠤᠭᠠᠨ ᠳᠤ ᠡᠯ᠎ᠡ ᠳᠤᠭᠤᠶᠢᠯᠠᠩ ᠤᠨ ᠲᠣᠭᠯᠠᠯᠲᠠ ᠶᠢᠨ ᠠᠯᠲᠠ᠂ ᠮᠥᠩᠭᠦ᠂ ᠬᠦᠷᠡᠯ ᠱᠠᠩᠨᠠᠯ᠂ ᠵᠣᠬᠢᠶᠠᠨ ᠪᠦᠲᠦᠭᠡᠯᠭᠡ ᠶᠢᠨ ᠱᠠᠩᠨᠠᠯ᠂ ᠣᠨᠴᠠᠭᠠᠢ ᠱᠠᠩᠨᠠᠯ ᠪᠠ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠢ ᠰᠢᠯᠭᠠᠷᠠᠭᠤᠯᠪᠠ᠃ ᠣᠳᠣ ᠱᠠᠩᠨᠠᠯ ᠣᠯᠤᠭᠰᠠᠨ ᠨᠡᠷᠡᠰ ᠢ ᠨᠡᠶᠢᠲᠡᠯᠡᠶ᠎ᠡ᠃      ᠳᠠᠭᠠᠯᠳᠤᠭᠤᠯᠤᠯ᠄ ᠬᠤᠶᠠᠳᠤᠭᠠᠷ ᠬᠤᠭᠤᠴᠠᠭᠠᠨ ᠤ ᠪᠥᠬᠦ ᠣᠷᠣᠨ ᠤ ᠤᠯᠠᠭᠠᠨᠮᠥ᠋ᠴᠢᠷ ᠤᠨ ᠰᠢᠨ᠎ᠡ ᠬᠥᠮᠥᠨ ᠤ ᠰᠢᠨ᠎ᠡ ᠪᠥᠲᠥᠭᠡᠯ ᠤᠨ ᠤᠷᠤᠯᠳᠤᠭᠠᠨ ᠤ ᠱᠠᠩᠨᠠᠯ ᠣᠯᠤᠭᠰᠠᠨ ᠨᠡᠷᠡᠰ                ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ                                        2020 ᠣᠨ ᠤ 12 ᠳ᠋ᠤᠭᠠᠷ ᠰᠠᠷ᠎ᠠ ᠶᠢᠨ 7   ᠤ ᠡᠳᠦᠷ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号