ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ 318 ᠳ᠋ᠤᠭᠠᠷ ᠲᠣᠭᠠᠲᠤ ᠰᠠᠨᠠᠭᠤᠯᠭ᠎ᠠ ᠳᠤ ᠥᠭᠭᠦᠭᠰᠡᠨ ᠬᠠᠷᠢᠭᠤᠯᠲᠠ
ᠨᠡᠶᠢᠲᠡᠯᠡᠭᠰᠡᠨ ᠴᠠᠭ᠄
2020/12/3
ᠱᠧᠨ ᠭᠦᠸᠧ ᠹᠦ᠋ ᠲᠥᠯᠥᠭᠡᠯᠡᠭᠴᠢ ᠲᠠᠨ᠎ᠠ᠄            ᠲᠠᠨ ᠤ ᠳᠤᠷᠠᠳᠤᠭᠰᠠᠨ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠲᠤᠬᠠᠶ ᠰᠠᠨᠠᠭᠤᠯᠭ᠎ᠠ ᠶᠢ ᠣᠶᠢᠯᠠᠭᠠᠪᠠ᠂ ᠵᠠᠯᠠᠶᠢᠳ ᠬᠤᠰᠢᠭᠤ ᠵᠢᠴᠢ ᠪᠥᠬᠦ ᠣᠷᠣᠨ ᠤ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠠᠩᠬᠠᠷᠴᠤ  ᠳᠡᠮᠵᠢᠭᠰᠡᠨ ᠳᠤ ᠴᠢᠨᠢ ᠲᠠᠯᠠᠷᠬᠠᠵᠤ ᠪᠠᠶᠢᠨ᠎ᠠ᠂ ᠣᠲᠣ ᠳᠣᠤᠷᠠᠬᠢ ᠮᠡᠲᠦ ᠬᠠᠷᠢᠭᠤᠯᠲᠠ ᠥᠭᠭᠦᠶ᠎ᠡ᠄            ᠵᠠᠯᠠᠶᠢᠳ ᠬᠤᠰᠢᠭᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ ᠵᠡᠭᠦᠨ ᠬᠤᠶᠢᠲᠤ ᠬᠡᠰᠡᠭ᠂ ᠶᠡᠭᠡ ᠬᠢᠩᠭᠠᠨ ᠳᠠᠪᠠᠭ᠎ᠠ ᠶᠢᠨ ᠡᠮᠦᠨ᠎ᠡ ᠬᠤᠷᠮᠣᠶ᠂ ᠨᠤᠨ ᠮᠥᠷᠡᠨ ᠤ ᠪᠠᠷᠠᠭᠤᠨ ᠡᠷᠭᠢ ᠳᠤ ᠪᠠᠶᠢᠷᠢᠯᠠᠵᠤ᠂ ᠶᠡᠭᠡ ᠬᠢᠩᠭᠠᠨ ᠳᠠᠪᠠᠭ᠎ᠠ ᠠᠴᠠ ᠰᠤᠩᠭᠠᠷᠢ ᠮᠦᠷᠡᠨ ᠪᠠ ᠨᠣᠨ ᠮᠥᠷᠡᠨ ᠤ ᠲᠠᠯ᠎ᠠ ᠭᠠᠵᠠᠷ ᠵᠦᠭ ᠰᠢᠯᠵᠢᠬᠦ ᠣᠷᠣᠨ ᠳᠤ ᠬᠠᠷᠢᠶᠠᠯᠠᠭᠳᠠᠵᠤ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠥᠨᠢᠷ ᠡᠯᠪᠡᠭ᠂ ᠢᠯᠠᠩᠭᠤᠶ᠎ᠠ ᠨᠡᠭᠦᠳᠡᠯ ᠮᠠᠯᠵᠢᠯ ᠤᠨ ᠰᠣᠶᠣᠯ ᠪᠠ ᠲᠠᠷᠢᠶᠠᠯᠠᠩ ᠤᠨ ᠰᠣᠶᠣᠯ ᠬᠠᠷᠢᠯᠴᠠᠨ ᠠᠭᠤᠰᠤᠯᠴᠠᠬᠤ ᠣᠨᠴᠠᠯᠢᠭ ᠲᠣᠪᠤᠶᠢᠮ᠎ᠠ ᠪᠠᠶᠢᠵᠤ᠂ 90 ᠲᠦᠮᠡᠨ ᠮᠦ ᠲᠠᠯᠠᠪᠠᠢ ᠲᠠᠢ ᠤᠰᠤᠨ ᠲᠤᠲᠤᠷᠭ᠎ᠠ ᠶᠢᠨ ᠲᠠᠷᠢᠶ᠎ᠠ ᠨᠢ ᠤᠳᠤ ᠦᠶ᠎ᠡ ᠶᠢᠨ ᠵᠢᠭᠤᠯᠴᠢᠯᠠᠯ᠂ ᠲᠠᠷᠢᠶᠠᠯᠠᠩ ᠤᠨ ᠵᠢᠭᠤᠯᠴᠢᠯᠠᠯ ᠤᠨ ᠪᠡᠶᠡᠴᠢᠯᠡᠭᠰᠡᠨ ᠦᠢᠯᠠᠭᠠᠯᠲᠠ  ᠶᠢ ᠬᠦᠭᠵᠢᠬᠦᠯᠬᠦ ᠳᠠᠯᠳᠠ ᠬᠦᠴᠦᠨ ᠯᠤᠲᠤ ᠶᠡᠭᠡ᠃            ᠨᠢᠭᠡ᠂  ᠬᠥᠳᠡᠭᠡ ᠲᠣᠰᠬᠤᠨ ᠤ ᠵᠢᠭᠤᠯᠴᠢᠯᠠᠯ ᠤᠨ ᠡᠬᠢ ᠪᠠᠶᠠᠯᠢᠭ  ᠤᠨ ᠳᠠᠪᠠᠭᠤᠯᠢᠭ ᠢ ᠠᠳᠬᠤᠵᠤ ᠰᠣᠶᠣᠯ ᠵᠢᠭᠤᠯᠴᠢᠯᠠᠯ ᠤᠨ ᠵᠢᠵᠢᠭ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ      ᠵᠠᠯᠠᠶᠢᠳ ᠬᠤᠰᠢᠭᠤᠨ ᠤ ᠤᠳᠤ ᠦᠶ᠎ᠡ ᠶᠢᠨ ᠵᠢᠭᠤᠯᠴᠢᠯᠠᠯ᠂ ᠪᠡᠶᠡᠴᠢᠯᠡᠨ ᠣᠶᠢᠯᠠᠭᠠᠬᠤ ᠬᠡᠯᠪᠡᠷᠢ ᠶᠢᠨ ᠲᠠᠷᠢᠶᠠᠯᠠᠩ ᠤᠨ ᠵᠢᠭᠤᠯᠴᠢᠯᠠᠯ ᠢ ᠬᠥᠭᠵᠢᠭᠦᠯᠬᠦ ᠳᠠᠯᠳᠠ ᠬᠦᠴᠦᠨ ᠮᠠᠰᠢ ᠶᠡᠭᠡ᠃ ᠵᠠᠯᠠᠶᠢᠳ ᠬᠤᠰᠢᠭᠤ ᠰᠢᠶᠠᠩ ᠪᠠᠯᠭᠠᠰᠤᠨ ᠤ ᠠᠮᠢ ᠠᠬᠤᠢ ᠶᠢᠨ ᠰᠠᠭᠤᠷᠢ᠂ ᠠᠵᠤ ᠦᠢᠯᠡᠰ ᠤᠨ ᠪᠠᠶᠢᠷᠢ ᠲᠣᠭᠲᠠᠭᠠᠯᠲᠠ᠂ ᠰᠣᠶᠣᠯ ᠤᠨ ᠠᠭᠤᠯᠤᠭᠳᠠᠬᠤᠨ ᠵᠡᠷᠭᠡ ᠶᠢ ᠬᠠᠷᠢᠯᠴᠠᠨ ᠤᠶᠠᠯᠳᠤᠭᠤᠯᠵᠤ᠂ ᠵᠢᠭᠤᠯᠴᠢᠯᠠᠯ ᠤᠨ ᠤᠨᠴᠠᠯᠢᠬᠳᠤ ᠵᠢᠵᠢᠭ ᠪᠠᠯᠭᠠᠰᠤ ᠶᠢ ᠲᠥᠯᠥᠪᠵᠢᠭᠦᠯᠦᠨ ᠪᠠᠶᠢᠭᠤᠯᠬᠤ ᠰᠡᠳᠬᠢᠴᠡ ᠪᠣᠯ ᠵᠥᠪ ᠶᠤᠮ᠃ ᠭᠡᠪᠡᠴᠦ ᠣᠳᠣᠬᠠᠨ ᠳᠤ ᠵᠠᠯᠠᠶᠢᠳ ᠬᠤᠰᠢᠭᠤᠨ ᠤ ᠵᠢᠭᠤᠯᠴᠢᠯᠠᠯ ᠤᠨ ᠬᠥᠭᠵᠢᠯᠲᠡ ᠬᠦᠷᠦᠯᠴᠡᠬᠦ ᠦᠭᠡᠢ ᠪᠠᠶᠢᠨ᠎ᠠ᠂ 2A ᠲᠡᠰ ᠤᠨ ᠦᠵᠡᠮᠵᠢ ᠶᠢᠨ ᠣᠷᠣᠨ ᠵᠥᠪᠬᠡᠨ ᠬᠤᠶᠠᠷ ᠪᠠᠶᠢᠵᠤ᠂ ᠮᠥᠨ ᠯᠡ ᠦᠢᠯᠡᠳᠬᠦᠨ ᠳᠠᠩ ᠴᠤᠯᠭᠤᠶ᠂ ᠰᠣᠶᠣᠯ ᠤᠨ ᠠᠭᠤᠯᠤᠭᠳᠠᠬᠤᠨ ᠬᠦᠷᠦᠯᠴᠡᠬᠦ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠳᠣᠤᠷᠠᠬᠢ ᠬᠡᠳᠦᠨ ᠲᠠᠯ᠎ᠠ ᠪᠠᠷ ᠠᠵᠢᠯ ᠤᠨ ᠡᠷᠴᠢᠮ ᠢᠶᠠᠨ ᠴᠢᠩᠭᠠᠷᠠᠭᠤᠯᠬᠤ ᠶᠢ ᠰᠠᠨᠠᠭᠤᠯᠤᠶ᠎ᠠ᠃ ᠨᠢᠭᠡ ᠳᠤ ᠂ ᠶᠡᠨᠳᠡᠷ ᠪᠠᠯᠭᠠᠰᠤ ᠪᠣᠯᠤᠨ ᠬᠤᠯᠪᠣᠭ᠎ᠠ ᠪᠠᠯᠭᠠᠰᠤ ᠶᠢ ᠨᠡᠭᠡᠭᠡᠨ ᠬᠥᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠶᠡᠨᠳᠡᠷ ᠪᠠᠯᠭᠠᠰᠤ  ᠶᠢ ᠲᠤᠭᠤᠷᠢᠭᠰᠠᠨ ᠵᠢᠭᠤᠯᠴᠢᠯᠠᠯ ᠤᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠲᠡᠭᠦᠯᠳᠡᠷᠵᠢᠬᠦᠯᠬᠦ ᠬᠡᠷᠡᠭᠲᠡᠢ︔ ᠬᠤᠶᠠᠷ ᠲᠤ᠂ ᠤᠷᠢᠳᠠᠪᠠᠷ ᠲᠥᠯᠥᠪᠵᠢᠭᠦᠯᠵᠦ᠂ ᠶᠡᠨᠳᠡᠷ ᠪᠠᠯᠭᠠᠰᠤ᠂ ᠬᠤᠯᠪᠣᠭ᠎ᠠ ᠪᠠᠯᠭᠠᠰᠤᠨ ᠤ ᠵᠢᠭᠤᠯᠴᠢᠯᠠᠯ ᠤᠨ ᠣᠨᠴᠠᠯᠢᠭᠲᠤ ᠵᠢᠵᠢᠭ ᠪᠠᠯᠭᠠᠰᠤ ᠶᠢ ᠬᠥᠭᠵᠢᠭᠦᠯᠬᠦ ᠲᠥᠯᠥᠪᠵᠢᠭᠦᠯᠭᠡ ᠶᠢ ᠲᠣᠭᠲᠠᠭᠠᠬᠤ ᠬᠡᠷᠡᠭᠲᠡᠶ᠃ ᠭᠤᠷᠪᠠ ᠳᠤ᠂ ᠦᠢᠯᠡᠳᠪᠦᠷᠢᠯᠡᠯ ᠤᠨ ᠰᠠᠭᠤᠷᠢᠨ ᠭᠠᠵᠠᠷ ᠵᠡᠷᠭᠡ ᠲᠠᠯᠠᠪᠤᠷ ᠭᠠᠵᠠᠷ ᠤᠨ ᠪᠡᠯᠡᠳᠬᠡᠮᠵᠢ ᠶᠢ ᠠᠰᠢᠭᠯᠠᠵᠤ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠲᠣᠭᠤᠷᠢᠨ ᠦᠵᠡᠬᠦ ᠵᠢᠭᠤᠯᠴᠢᠯᠠᠯ ᠢ ᠬᠥᠭᠵᠢᠭᠦᠯᠦᠨ᠎ᠡ᠃ ᠳᠥᠷᠪᠡ ᠳᠤ  ᠂  ᠵᠢᠭᠤᠯᠴᠢᠯᠠᠭᠴᠢᠳ ᠤᠨ ᠦᠢᠯᠡᠳᠪᠦᠷᠢᠯᠡᠯ ᠤᠨ ᠶᠠᠪᠤᠴᠠ ᠳᠤ ᠣᠷᠣᠯᠴᠠᠵᠤ ᠪᠤᠯᠬᠤᠶᠢᠴᠠ ᠵᠢᠭᠤᠯᠴᠢᠯᠠᠯ ᠤᠨ ᠪᠥᠲᠦᠭᠡᠭᠳᠡᠬᠦᠨ ᠢ ᠨᠡᠭᠡᠭᠡᠨ ᠬᠥᠭᠵᠢᠭᠦᠯᠬᠦ ᠬᠡᠷᠡᠭᠲᠡᠶ᠃            ᠬᠤᠶᠠᠷ᠂ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢ  ᠴᠢᠩᠭᠠᠳᠬᠠᠵᠤ ᠵᠢᠭᠤᠯᠴᠢᠯᠠᠯ ᠤᠨ ᠬᠥᠭᠵᠢᠯᠲᠡ ᠶᠢ ᠠᠬᠢᠭᠤᠯᠤᠨ᠎ᠠ            ᠵᠠᠯᠠᠶᠢᠳ ᠬᠤᠰᠢᠭᠤᠨ ᠤ ᠵᠠᠰᠠᠭ ᠤᠨ ᠣᠷᠳᠣᠨ ᠬᠦᠭᠵᠢᠬᠦᠯᠦᠯᠲᠡ ᠥᠭᠡᠷᠡᠴᠢᠯᠡᠯᠲᠡ᠂ ᠵᠠᠮ ᠬᠠᠷᠢᠯᠴᠠᠭ᠎ᠠ ᠵᠡᠷᠭᠡ ᠰᠠᠯᠠᠭ᠎ᠠ ᠮᠥᠴᠢᠷ ᠢ ᠢᠳᠡᠪᠬᠢᠲᠡᠢ ᠵᠣᠬᠢᠴᠠᠭᠤᠯᠵᠤ᠂ ᠵᠠᠯᠠᠶᠢᠳ ᠬᠤᠰᠢᠭᠤᠨ ᠤ ᠭᠠᠯᠲᠤ ᠲᠡᠷᠭᠡᠨ ᠥᠷᠲᠡᠭᠡ ᠪᠠ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠤᠯᠠᠭᠠᠨᠬᠤᠲᠠ ᠠᠴᠠ ᠵᠢᠶᠠᠩ ᠴᠢᠶᠣᠤ ᠬᠦᠷᠬᠦ ᠲᠡᠮᠦᠷ ᠵᠠᠮ ᠤᠨ ᠪᠠᠷᠢᠯᠭ᠎ᠠ ᠪᠠ ᠵᠠᠯᠠᠶᠢᠳ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠵᠠᠮ ᠬᠠᠷᠢᠯᠴᠠᠭᠠᠨ ᠤ ᠱᠤᠭᠤᠮ ᠢ ᠨᠡᠭᠡᠭᠡᠭᠰᠡᠨ ᠤ ᠳᠠᠷᠠᠭ᠎ᠠ᠂ ᠮᠠᠨ ᠤ ᠲᠢᠩᠬᠢᠮ ᠵᠢᠭᠤᠯᠴᠢᠯᠠᠯ ᠤᠨ ᠲᠤᠰᠬᠠᠶ ᠭᠠᠯᠲᠤ ᠲᠡᠷᠭᠡ ᠵᠡᠷᠭᠡ ᠶᠢ ᠢᠳᠡᠪᠬᠢᠲᠡᠶ ᠵᠣᠬᠢᠴᠠᠭᠤᠯᠤᠨ ᠨᠡᠪᠲᠡᠷᠡᠬᠦᠯᠵᠦ᠂ ᠲᠤᠬᠠᠶ ᠶᠢᠨ ᠭᠠᠵᠠᠷ ᠤᠨ ᠵᠢᠭᠤᠯᠴᠢᠯᠠᠯ ᠤᠨ ᠬᠥᠭᠵᠢᠯᠲᠡ ᠶᠢ ᠳᠡᠮᠵᠢᠨ᠎ᠡ᠃            ᠭᠤᠷᠪᠠ᠂  ᠤᠯᠠᠭᠠᠨᠬᠤᠲᠠ᠂ ᠷᠠᠰᠢᠶᠠᠨ᠂ ᠬᠠᠶᠢᠯᠠᠷ᠂ ᠮᠠᠨᠵᠤᠤᠷ  ᠤᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠎ᠠ            ᠥᠪᠡᠷᠲᠡᠭᠡᠨ ᠵᠠᠰᠠᠬᠤ ᠣᠷᠣᠨ ᠤᠯᠠᠭᠠᠨᠬᠤᠲᠠ᠂ ᠷᠠᠰᠢᠶᠠᠨ᠂ ᠬᠠᠶᠢᠯᠠᠷ᠂ ᠮᠠᠨᠵᠤᠤᠷ ᠤᠨ ᠵᠢᠭᠤᠯᠴᠢᠯᠠᠯ ᠤᠨ ᠨᠢᠭᠡ ᠴᠣᠭᠴᠠᠵᠢᠭᠰᠠᠨ ᠬᠠᠮᠵᠢᠯᠴᠠᠭᠰᠠᠨ ᠬᠥᠭᠵᠢᠯᠲᠡ ᠶᠢ ᠶᠡᠬᠡᠪᠡᠷ ᠠᠬᠢᠭᠤᠯᠵᠤ᠂ ︽︿ ᠤᠯᠠᠭᠠᠨᠬᠤᠲᠠ᠂ ᠷᠠᠰᠢᠶᠠᠨ᠂ ᠬᠠᠶᠢᠯᠠᠷ᠂ ᠮᠠᠨᠵᠤᠤᠷ﹀ ᠨᠢᠭᠡ ᠴᠤᠬᠴᠠᠵᠢᠭᠤᠯᠤᠬᠰᠠᠨ ᠵᠢᠭᠤᠯᠴᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ︾ ᠶᠢ ᠶᠠᠭ ᠨᠠᠶᠢᠷᠠᠭᠤᠯᠤᠨ ᠵᠣᠬᠢᠶᠠᠵᠤ ᠪᠠᠶᠢᠨ᠎ᠠ᠃ ᠵᠠᠯᠠᠶᠢᠳ ᠬᠤᠰᠢᠭᠤ ᠴᠤ ︽ ᠤᠯᠠᠭᠠᠨᠬᠤᠲᠠ᠂ ᠷᠠᠰᠢᠶᠠᠨ᠂  ᠬᠠᠶᠢᠯᠠᠷ᠂ ᠮᠠᠨᠵᠤᠤᠷ︾  ᠤᠨ ᠨᠢᠭᠡ ᠴᠤᠬᠴᠠᠵᠢᠭᠤᠯᠤᠬᠰᠠᠨ ᠵᠢᠭᠤᠯᠴᠢᠯᠠᠯ ᠤᠨ ᠬᠥᠭᠵᠢᠯᠲᠡ ᠳᠤ ᠢᠳᠡᠪᠬᠢᠲᠡᠢ ᠤᠷᠤᠯᠴᠠᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠥᠭᠵᠢᠯᠲᠡ ᠶᠢᠨ ᠵᠠᠪᠰᠢᠶᠠᠨ ᠲᠤᠬᠢᠶᠠᠯ ᠢ ᠠᠮᠵᠢᠭᠤᠯᠪᠠᠯ  ᠵᠤᠬᠢᠨ᠎ᠠ᠃ ᠵᠠᠯᠠᠶᠢᠳ ᠬᠤᠰᠢᠭᠤᠨ ᠤ ᠭᠤᠣᠯ ᠪᠣᠯᠬᠤ ᠵᠣᠴᠢᠳ ᠤᠨ ᠢᠷᠡᠯᠲᠡ ᠶᠢᠨ ᠵᠠᠬ᠎ᠠ ᠳᠡᠯᠭᠡᠭᠦᠷ ᠲᠤ ᠴᠢᠭᠯᠡᠭᠦᠯᠦᠨ ᠤᠬᠠᠭᠤᠯᠤᠨ ᠳᠡᠯᠭᠡᠷᠡᠭᠦᠯᠵᠦ᠂ ᠵᠡᠭᠦᠨ ᠭᠤᠷᠪᠠᠨ ᠮᠤᠵᠢ ᠶᠢᠨ ᠵᠢᠭᠤᠯᠴᠢᠯᠠᠭᠴᠢᠳ ᠤᠨ ᠢᠷᠡᠯᠲᠡ ᠶᠢ ᠠᠯᠬᠤᠮ ᠠᠯᠬᠤᠮ ᠢᠶᠠᠷ ᠪᠠᠬᠢᠵᠢᠭᠦᠯᠦᠨ ᠥᠷᠭᠡᠳᠬᠡᠬᠦ ᠶᠢᠨ ᠬᠠᠮᠲᠤ ᠪᠡᠭᠡᠵᠢᠩ ᠲᠢᠶᠠᠨᠵᠢᠨ ᠾᠧᠪᠧᠶ ᠵᠡᠷᠭᠡ ᠨᠡᠯᠢᠶᠡᠳ ᠤᠶᠢᠷᠠᠬᠠᠨ ᠪᠠ ᠠᠯᠤᠰ ᠤᠨ ᠵᠢᠭᠤᠯᠴᠢᠯᠠᠭᠴᠢᠳ ᠤᠨ ᠢᠷᠡᠯᠲᠡ ᠶᠢᠨ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠬᠦ ᠡᠷᠴᠢᠮ ᠢᠶᠠᠨ ᠨᠡᠮᠡᠭᠳᠡᠬᠦᠯᠵᠦ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠵᠣᠬᠢᠶᠠᠨ ᠪᠠᠶᠢᠭᠤᠯᠤᠭᠰᠠᠨ ᠤᠯᠤᠰ ᠤᠨ ᠳᠣᠲᠣᠭᠠᠳᠤ ᠶᠢᠨ ᠡᠯ᠎ᠡ ᠲᠥᠷᠥᠯ ᠤᠨ ᠰᠣᠶᠣᠯ ᠵᠢᠭᠤᠯᠴᠢᠯᠠᠯ ᠤᠨ ᠦᠵᠡᠭᠦᠯᠦᠯᠭᠡ ᠶᠢᠨ ᠴᠤᠭᠯᠠᠭᠠᠨ᠂ ᠤᠬᠠᠭᠤᠯᠭ᠎ᠠ ᠶᠢᠨ ᠠᠵᠢᠯᠯᠠᠭ᠎ᠠ ᠵᠡᠷᠭᠡ ᠵᠠᠪᠰᠢᠶᠠᠨ ᠲᠣᠬᠢᠶᠠᠯ ᠢ ᠬᠦᠢᠴᠡᠳ ᠠᠰᠢᠭᠯᠠᠵᠤ᠂ ᠵᠠᠯᠠᠶᠢᠳ ᠬᠤᠰᠢᠭᠤᠨ ᠤ ᠵᠢᠭᠤᠯᠴᠢᠯᠠᠯ ᠤᠨ ᠠᠯᠳᠠᠷᠰᠢᠯ ᠢ ᠳᠡᠭᠡᠭᠰᠢᠯᠡᠭᠦᠯᠬᠦ ᠳᠤ ᠢᠳᠡᠪᠬᠢᠲᠡᠢ ᠣᠷᠣᠯᠴᠠᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ  ᠢᠶᠠᠨ ᠥᠷᠭᠡᠳᠬᠡᠨ᠎ᠡ᠃                                         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ                                               2020 ᠣᠨ ᠤ 5 ᠳ᠋ᠤᠭᠠᠷ ᠰᠠᠷ᠎ᠠ ᠶᠢᠨ 13 ᠤ ᠡᠳᠦᠷ
 
ᠢᠷᠡᠯᠲᠡ᠄ ᠲᠣᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号