ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ 501 ᠳ᠋ᠤᠭᠡᠷ ᠰᠠᠨᠠᠭᠤᠯᠭ᠎ᠠ ᠶᠢᠨ ᠲᠤᠬᠠᠶ ᠬᠠᠷᠢᠭᠤᠯᠲᠠ
ᠨᠡᠶᠢᠲᠡᠯᠡᠭᠰᠡᠨ ᠴᠠᠭ᠄
2020/12/3
ᠲᠥᠯᠥᠭᠡᠯᠡᠭᠴᠢ ᠬᠤᠤ ᠶᠦᠩ ᠶᠣᠣ ᠲᠠᠨ᠎ᠠ  ᠄            ᠲᠠᠨ ᠤ ᠳᠤᠷᠠᠳᠤᠭᠰᠠᠨ ︽ᠪᠦᠬᠦ ᠣᠷᠣᠨ ᠳᠤ ᠪᠤᠳᠠᠰ ᠤᠨ ᠪᠤᠰᠤ ᠰᠤᠶᠤᠯ ᠤᠨ ᠥᠪ ᠤᠨ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠤ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠬᠤ ᠲᠤᠬᠠᠶ ᠰᠠᠨᠠᠭᠤᠯᠭ᠎ᠠ︾ ᠶᠢ ᠣᠯᠵᠤ ᠣᠶᠢᠯᠠᠭᠠᠪᠠ᠃ ᠤᠳᠤ ᠳᠣᠤᠷᠠᠬᠢ ᠮᠡᠲᠦ ᠬᠠᠷᠢᠭᠤᠯᠲᠠ ᠥᠭᠭᠦᠶ᠎ᠡ᠄            ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠳᠦᠷᠢᠮ︾  ᠤᠨ ᠭᠤᠴᠢ ᠶᠢᠰᠦᠳᠦᠭᠡᠷ ᠵᠦᠢᠯ ᠳᠤ᠄ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠣᠶᠣᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠨᠢ ᠪᠣᠳᠠᠰ ᠤᠨ ᠪᠤᠰᠤ ᠰᠣᠶᠣᠯ ᠤᠨ ᠥᠪ ᠤᠨ ᠲᠠᠷᠬᠠᠯᠲᠠ ᠨᠡᠯᠢᠶᠡᠳ ᠲᠥᠪᠯᠡᠷᠡᠭᠰᠡᠨ᠂ ᠤᠯᠠᠮᠵᠢᠯᠠᠨ ᠵᠠᠯᠭᠠᠮᠵᠢᠯᠠᠬᠤ ᠰᠠᠭᠤᠷᠢ ᠪᠠᠷ ᠨᠡᠯᠢᠶᠡᠳ ᠰᠠᠶᠢᠨ ᠭᠠᠵᠠᠷ ᠣᠷᠣᠨ ᠳᠤ ᠤᠯᠠᠮᠵᠢᠯᠠᠨ ᠵᠠᠯᠭᠠᠮᠵᠢᠯᠠᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠤᠯᠠᠮᠵᠢᠯᠠᠨ ᠵᠠᠯᠭᠠᠮᠵᠢᠯᠠᠬᠤ ᠰᠠᠭᠤᠷᠢᠨ ᠭᠠᠵᠠᠷ ᠲᠤ ᠣᠯᠠᠮᠵᠢᠯᠠᠨ ᠵᠠᠯᠭᠠᠮᠵᠢᠯᠠᠬᠤ ᠭᠠᠵᠠᠷ ᠪᠠ ᠤᠯᠠᠮᠵᠢᠯᠠᠨ ᠵᠠᠯᠭᠠᠮᠵᠢᠯᠠᠬᠤ ᠡᠷᠦᠭᠡ ᠭᠠᠷᠭᠠᠵᠤ ᠪᠣᠯᠤᠨ᠎ᠠ ᠭᠡᠵᠦ ᠲᠤᠭᠲᠠᠭᠠᠭᠰᠠᠨ ᠪᠠᠶᠢᠨ᠎ᠠ᠃            ᠲᠠᠨ ᠤ ᠳᠤᠷᠠᠳᠤᠭᠰᠠᠨ ᠪᠣᠳᠠᠰ ᠤᠨ ᠪᠤᠰᠤ ᠰᠣᠶᠣᠯ ᠤᠨ ᠥᠪ ᠤᠨ ᠵᠢᠱᠢᠶ᠎ᠡ ᠦᠵᠡᠭᠦᠯᠬᠦ ᠭᠠᠴᠠᠭ᠎ᠠ ᠲᠤᠰᠬᠤᠨ ᠢ ᠪᠦᠲᠦᠭᠡᠨ ᠪᠠᠶᠢᠭᠤᠯᠬᠤ ᠳᠤ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠤ ᠲᠥᠯᠦᠪᠯᠡᠭᠡ  ᠳᠣᠤᠷ᠎ᠠ ᠪᠠᠶᠢᠭᠤᠯᠵᠤ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠡᠰ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ‌ᠢ ᠪᠠᠶᠢᠭᠤᠯᠤᠨ᠂ ᠪᠣᠳᠠᠰ ᠤᠨ ᠪᠤᠰᠤ ᠰᠣᠶᠣᠯ ᠤᠨ ᠥᠪ ᠢᠶᠠᠷ ᠭᠤᠤᠯ ᠪᠤᠯᠭᠠᠵᠤ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢ ᠴᠢᠩᠭᠠᠳᠬᠠᠬᠤ ᠨᠢ ᠪᠣᠳᠠᠰ ᠤᠨ ᠪᠤᠰᠤ ᠰᠣᠶᠣᠯ ᠤᠨ ᠥᠪ ᠤᠨ ᠪᠦᠬᠦᠯᠢ ᠴᠣᠭᠴᠠ ᠶᠢᠨ ᠴᠢᠨᠠᠷᠲᠠᠶ ᠬᠠᠮᠠᠭᠠᠯᠠᠯᠲᠠ ᠪᠠ ᠤᠯᠠᠮᠵᠢᠯᠠᠨ ᠬᠥᠭᠵᠢᠭᠦᠯᠬᠦ ᠶᠢ ᠠᠬᠢᠭᠤᠯᠬᠤ᠂ ᠰᠣᠶᠣᠯ ᠤᠨ ᠠᠮᠢ ᠠᠬᠤᠶ ᠶᠢᠨ ᠰᠢᠰᠲ᠋ᠧᠮ ᠤᠨ ᠲᠡᠩᠴᠡᠭᠦᠷᠢ ᠪᠠ ᠪᠦᠷᠢᠨ ᠪᠦᠲᠦᠨ ᠪᠠᠶᠢᠬᠤ ᠶᠢ ᠬᠠᠮᠠᠭᠠᠯᠠᠬᠤ︔ ᠰᠣᠶᠣᠯ ᠤᠨ ᠤᠬᠠᠮᠰᠠᠷ ᠢᠶᠠᠨ ᠳᠡᠭᠡᠭᠰᠢᠯᠡᠭᠦᠯᠵᠦ᠂ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ ᠦᠨᠳᠦᠰᠦᠲᠡᠨ  ᠤ ᠪᠦᠯᠬᠦᠮᠳᠡᠯ ᠢ ᠴᠢᠩᠭᠠᠳᠬᠠᠨ᠂ ᠦᠨᠳᠦᠰᠦᠲᠡᠨ ᠤ ᠢᠲᠡᠭᠡᠯ ᠵᠣᠷᠢᠭ ᠪᠠ ᠨᠢᠭᠲᠠᠷᠠᠯ ᠤᠨ ᠬᠦᠴᠦᠨ ᠢ ᠴᠢᠩᠭᠠᠳᠬᠠᠬᠤ ︔ ᠠᠵᠤ ᠠᠬᠤᠶ ᠨᠡᠶᠢᠭᠡᠮ ᠤᠨ ᠪᠦᠬᠦ ᠲᠠᠯ᠎ᠠ ᠶᠢᠨ ᠵᠣᠬᠢᠴᠠᠩᠭᠤᠶ ᠪᠠ ᠦᠷᠬᠦᠯᠵᠢᠯᠡᠭᠰᠡᠨ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠰᠣᠶᠣᠯ ᠤᠨ ᠠᠮᠢ ᠠᠬᠤᠢ ᠶᠢᠨ  ᠬᠠᠮᠠᠭᠠᠯᠠᠯᠲᠠ ᠶᠢᠨ ᠣᠷᠣᠨ ᠳᠤ ᠬᠢ  ᠪᠠᠶᠢᠭᠤᠯᠤᠯᠲᠠ᠂ ᠬᠠᠮᠢᠶᠠᠷᠤᠯᠲᠠ ᠪᠠ ᠵᠢᠯᠤᠭᠤᠳᠤᠯᠭ᠎ᠠ ᠪᠠᠨ ᠴᠢᠩᠭᠠᠳᠬᠠᠵᠤ᠂ ᠪᠦᠬᠦ ᠣᠷᠣᠨ ᠤ ᠪᠣᠳᠠᠰ ᠤᠨ ᠪᠤᠰᠤ ᠰᠣᠶᠣᠯ ᠤᠨ ᠥᠪ‌‍ᠤᠨ ᠪᠦᠬᠦᠯᠢ ᠴᠤᠭᠴᠠᠲᠤ ᠬᠠᠮᠠᠭᠠᠯᠠᠯᠲᠠ ᠪᠠ ᠤᠯᠠᠮᠵᠢᠯᠠᠯᠲᠠ ᠬᠦᠭᠵᠢᠬᠦᠯᠦᠯᠲᠡ ᠶᠢ ᠲᠦᠯᠬᠢᠨ ᠠᠬᠢᠭᠤᠯᠬᠤ ᠪᠠᠷ ᠬᠦᠴᠦᠯᠡᠵᠦ ᠪᠤᠢ᠃            ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠤᠰᠬᠠᠶ ᠵᠦᠢᠯ ᠤᠨ ᠪᠡᠯᠡ ᠮᠥᠩᠭᠦ ᠶᠢ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠳᠡᠭᠡᠭᠰᠢᠬᠢ ᠪᠣᠳᠠᠰ ᠤᠨ ᠪᠤᠰᠤ ᠰᠤᠶᠤᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠶᠢᠨ ᠤᠯᠠᠮᠵᠢᠯᠠᠨ ᠰᠤᠷᠬᠤ ᠨᠥᠬᠦᠪᠥᠷᠢ᠂ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠵᠡᠷᠭᠡ ᠴᠢᠭᠯᠡᠯ ᠳᠤ ᠬᠡᠷᠡᠭᠯᠡᠵᠦ ᠪᠠᠶᠢᠨ᠎ᠠ᠃  ᠪᠤᠳᠠᠰ ᠤᠨ ᠪᠤᠰᠤ ᠰᠤᠶᠤᠯ ᠤᠨ ᠥᠪ ᠤᠨ ᠭᠠᠴᠠᠭ᠎ᠠ ᠲᠣᠰᠬᠤᠨ ᠤ ᠪᠦᠲᠦᠭᠡᠨ ᠪᠠᠶᠢᠭᠤᠯᠤᠯᠲᠠ ᠶᠢ ᠳᠡᠮᠵᠢᠬᠦ ᠲᠤᠰᠬᠠᠢ ᠪᠡᠯᠡ ᠮᠥᠩᠭᠦ  ᠪᠠᠶᠢᠬᠤ ᠦᠭᠡᠢ᠃                   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ                                                2020 ᠣᠨ ᠤ 5  ᠳ᠋ᠤᠭᠠᠷ ᠰᠠᠷ᠎ᠠ ᠶᠢᠨ 6 ᠤ ᠡᠳᠦᠷ
 
ᠢᠷᠡᠯᠲᠡ᠄ ᠲᠣᠳᠤᠷᠬᠠᠢ ᠦᠭᠡᠢ 
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号