︽ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠶᠢ ᠮᠠᠭᠠᠳᠯᠠᠨ ᠲᠣᠭᠲᠠᠭᠠᠬᠤ ᠪᠠ ᠬᠠᠮᠢᠶᠠᠷᠬᠤ ᠠᠷᠭ᠎ᠠ︾ ᠶᠢ ᠵᠢᠩᠬᠢᠨᠢ ᠪᠠᠷ ᠬᠡᠷᠡᠭᠵᠢᠭᠦᠯᠬᠦ ᠪᠣᠯᠪᠠ
ᠨᠡᠶᠢᠲᠡᠯᠡᠭᠰᠡᠨ ᠴᠠᠭ᠄
2020/3/19
     ︽ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠶᠢ ᠮᠠᠭᠠᠳᠯᠠᠨ ᠲᠣᠭᠲᠠᠭᠠᠬᠤ ᠪᠠ ᠬᠠᠮᠢᠶᠠᠷᠬᠤ ᠠᠷᠭ᠎ᠠ︾ ᠶᠢ 2020 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠨ᠎ᠡ᠃ ᠲᠣᠰ ᠠᠷᠭ᠎ᠠ ᠨᠢ ᠤᠷ᠎ᠠ ᠮᠡᠷᠭᠡᠵᠢᠯ ᠤᠨ ᠨᠠᠷᠢᠯᠢᠭ ᠤᠨ ᠬᠡᠮᠵᠢᠶ᠎ᠡ᠂ ᠲᠥᠯᠥᠭᠡᠯᠡᠬᠦ ᠴᠢᠨᠠᠷ ᠪᠠ ᠨᠡᠶᠢᠭᠡᠮ ᠤᠨ ᠨᠦᠯᠦᠭᠡᠯᠡᠬᠦ ᠬᠦᠴᠦᠨ᠂ ᠤᠯᠠᠮᠵᠢᠯᠠᠬᠤ ᠠᠵᠢᠯᠯᠠᠭ᠎ᠠ ᠦᠷᠨᠢᠭᠦᠯᠬᠦ᠂ ᠮᠦᠰᠦ ᠴᠢᠨᠠᠷ ᠬᠡᠪ ᠪᠣᠯᠪᠠᠰᠤᠷᠠᠯ ᠵᠡᠷᠭᠡ ᠲᠠᠯ᠎ᠠ ᠪᠠᠷ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠶᠢ ᠮᠠᠭᠠᠳᠯᠠᠨ ᠲᠣᠭᠲᠠᠭᠠᠬᠤ ᠨᠥᠬᠦᠴᠡᠯ ᠳᠤ ᠨᠠᠷᠢᠯᠢᠬᠵᠢᠭᠤᠯᠤᠭᠰᠠᠨ ᠲᠣᠭᠲᠠᠭᠠᠯ ᠭᠠᠷᠭᠠᠪᠠ︔ ᠡᠩ ᠤᠨ ᠪᠠᠶᠢᠳᠠᠯ ᠳᠤ ᠲᠠᠪᠤᠨ ᠵᠢᠯ ᠪᠣᠯᠭᠠᠨ ᠳᠤ ᠨᠢᠭᠡ ᠪᠦᠯᠦᠭ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠶᠢ ᠮᠠᠭᠠᠳᠯᠠᠨ ᠲᠣᠭᠲᠠᠭᠠᠬᠤ ᠠᠵᠢᠯ ᠢ ᠦᠷᠨᠢᠭᠦᠯᠬᠦ ᠪᠠ ᠮᠠᠲ᠋ᠧᠷᠢᠶᠠᠯ ᠢ ᠳᠠᠬᠢᠨ ᠬᠢᠨᠠᠬᠤ᠂ ᠬᠡᠷᠡᠭᠴᠡᠭᠡ ᠳᠤ ᠪᠠᠨ ᠦᠨᠳᠦᠰᠦᠯᠡᠨ ᠲᠤᠬᠠᠶ ᠶᠢᠨ ᠲᠠᠯᠠᠪᠤᠷ ᠲᠤ ᠬᠠᠷᠢᠭᠤᠯᠤᠨ ᠮᠠᠷᠭᠤᠬᠤ᠂ ᠣᠯᠠᠨ ᠨᠡᠶᠢᠲᠡ ᠶᠢᠨ ᠠᠳᠠᠯᠢ ᠪᠣᠰᠤ ᠰᠠᠨᠠᠯ ᠵᠡᠷᠭᠡ ᠬᠢᠨᠠᠨ ᠲᠣᠭᠲᠠᠭᠠᠬᠤ ᠶᠠᠪᠤᠴᠠ ᠪᠠ ᠭᠤᠭᠴᠤᠭ᠎ᠠ ᠶᠢ ᠲᠣᠬᠢᠷᠠᠭᠤᠯᠤᠭᠰᠠᠨ ᠢ ᠲᠣᠳᠤᠷᠬᠠᠶᠢᠯᠠᠵᠠᠢ︔ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠳᠤ ᠦᠨᠳᠦᠰᠦᠯᠡᠨ᠂ ᠤᠯᠤᠰ ᠤᠨ ᠲᠠᠰ ᠤᠨ ᠪᠣᠳᠠᠰ ᠤᠨ ᠪᠣᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠪᠠᠷ ᠰᠤᠩᠭᠤᠨ ᠲᠠᠨᠢᠯᠴᠠᠭᠤᠯᠤᠭᠰᠠᠨ ᠵᠢᠱᠢᠭᠳᠡᠭᠴᠢ ᠶᠢᠨ ᠨᠡᠷ᠎ᠡ ᠶᠢ ᠢᠯᠡ ᠪᠠᠷ ᠨᠡᠶᠢᠲᠡᠯᠡᠬᠦ ᠬᠤᠭᠤᠴᠠᠭ᠎ᠠ ᠶᠢ 20 ᠡᠳᠦᠷ ᠪᠣᠯᠭᠠᠨ ᠵᠠᠰᠠᠪᠠ᠃      ︽ᠠᠷᠭ᠎ᠠ︾ ᠳᠤ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠶᠢᠨ ᠤᠬᠤᠷᠢᠨ ᠭᠠᠷᠬᠤ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠶᠢ ᠲᠣᠭᠲᠠᠭᠠᠵᠤ᠂ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠶᠢᠨ ᠬᠢᠷᠢ ᠬᠡᠮ ᠢ ᠬᠦᠴᠦᠨ ᠥᠬᠡᠶ ᠪᠣᠯᠭᠠᠬᠤ ᠤᠴᠢᠷ ᠪᠠᠶᠢᠳᠠᠯ ᠢ ᠲᠣᠳᠣᠷᠬᠠᠶᠢᠯᠠᠪᠠ︔ ᠨᠠᠰᠤ ᠪᠠᠷᠠᠭᠰᠠᠨ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠶᠢᠨ ᠬᠠᠮᠢᠶᠠᠷᠤᠯᠲᠠ ᠶᠢ ᠲᠦᠷᠢᠮᠵᠢᠭᠦᠯᠵᠦ᠂  ᠬᠦᠮᠦᠨᠴᠢ ᠬᠠᠯᠠᠮᠵᠢᠯᠠᠯ ᠢ ᠭᠤᠣᠯᠳᠠᠯᠭᠠᠵᠢᠭᠤᠯᠤᠨ᠎ᠠ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号