ᠳᠤᠮᠳᠠᠳᠤ ᠤᠯᠤᠰ ᠤᠨ ᠡᠷᠲᠡᠨ ᠤ ᠪᠠᠭᠤᠷᠢ ᠶᠢ ᠬᠠᠮᠠᠭᠠᠯᠠᠬᠤ ᠨᠡᠶᠢᠭᠡᠮᠯᠢᠭ ︽4 · 18 ᠤ ᠤᠯᠠᠨ ᠤᠯᠤᠰ ᠤᠨ ᠡᠷᠲᠡᠨ ᠤ ᠪᠠᠭᠤᠷᠢ ᠶᠢᠨ ᠡᠳᠦᠷ︾ ᠤᠨ ᠰᠦᠯᠵᠢᠶᠡᠨ ᠳᠡᠭᠡᠷᠡᠬᠢ ᠭᠤᠣᠯ ᠰᠡᠳᠦᠪᠲᠦ ᠠᠵᠢᠯᠯᠠᠭ᠎ᠠ ᠡᠷᠬᠢᠯᠡᠨ᠎ᠠ
ᠨᠡᠶᠢᠲᠡᠯᠡᠭᠰᠡᠨ ᠴᠠᠭ᠄
2020/4/20
     4 ᠳ᠋ᠤᠭᠡᠷ ᠰᠠᠷ᠎ᠠ ᠶᠢᠨ 18 ᠤ ᠡᠳᠦᠷ ᠪᠣᠯ ᠤᠯᠠᠨ ᠤᠯᠤᠰ  ᠤᠨ ᠡᠷᠲᠡᠨ ᠤ ᠪᠠᠭᠤᠷᠢ ᠶᠢᠨ ᠡᠳᠦᠷ ᠪᠣᠯᠤᠨ᠎ᠠ᠂ ᠡᠨᠡ ᠵᠢᠯ ᠤᠨ ᠭᠤᠤᠯ ᠰᠡᠳᠦᠪ ᠪᠣᠯ ︽ᠰᠣᠶᠣᠯ ᠢ ᠬᠠᠮᠲᠤ ᠪᠠᠷ ᠡᠳ᠋ᠯᠡᠬᠦ᠂ ᠥᠪ ᠦᠯᠡᠳᠡᠭᠳᠡᠯ ᠢ ᠬᠠᠮᠲᠤ ᠪᠠᠷ ᠡᠳ᠋ᠯᠡᠬᠦ᠂ ᠡᠭᠦᠷᠭᠡ ᠬᠠᠷᠢᠭᠤᠴᠠᠯᠭ᠎ᠠ ᠶᠢ ᠬᠠᠮᠲᠤ ᠪᠠᠷ ᠡᠳ᠋ᠯᠡᠬᠦ︾ ᠪᠣᠯᠤᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠠᠴᠠ ᠪᠣᠯᠵᠤ᠂ ᠣᠯᠠᠨ ᠢᠶᠠᠷ ᠢᠶᠠᠨ ᠥᠩᠭᠡᠷᠡᠭᠰᠡᠨ ᠵᠢᠯ ᠲᠠᠢ ᠠᠳᠠᠯᠢ ᠴᠤᠭᠯᠠᠷᠠᠵᠤ ᠠᠵᠢᠯᠯᠠᠭ᠎ᠠ ᠬᠢᠬᠦ ᠶᠢᠨ ᠠᠷᠭ᠎ᠠ ᠦᠭᠡᠢ᠂ ᠭᠡᠪᠡᠴᠦ ᠡᠨᠡ ᠨᠢ ᠪᠢᠳᠡᠨ ᠤ ᠰᠣᠶᠣᠯ ᠤᠨ ᠥᠪ ᠬᠥᠷᠥᠩᠭᠡ ᠶᠢᠨ ᠬᠠᠮᠠᠭᠠᠯᠠᠯᠲᠠ ᠪᠣᠯᠤᠨ ᠲᠠᠷᠬᠠᠭᠠᠯᠲᠠ ᠶᠢ ᠬᠠᠮᠲᠤ ᠪᠠᠷ ᠠᠩᠬᠠᠷᠴᠤ ᠪᠠᠶᠢᠬᠤ ᠶᠢ ᠨᠦᠯᠦᠭᠡᠯᠡᠬᠦ ᠦᠭᠡᠢ ᠶᠤᠮ᠃      ᠳᠤᠮᠳᠠᠳᠤ ᠤᠯᠤᠰ ᠤᠨ ᠡᠷᠲᠡᠨ ᠤ ᠪᠠᠭᠤᠷᠢ ᠶᠢ ᠬᠠᠮᠠᠭᠠᠯᠠᠬᠤ ᠨᠡᠶᠢᠭᠡᠮᠯᠢᠭ 4 ᠳ᠋ᠤᠭᠡᠷ ᠰᠠᠷ᠎ᠠ ᠶᠢᠨ 18 ᠤ ᠡᠳᠦᠷ ᠤᠨ ᠦᠳᠡ ᠶᠢᠨ ᠬᠤᠶᠢᠨᠠᠬᠢ 2 ᠴᠠᠭ ᠠᠴᠠ 4 ᠴᠠᠭ ᠬᠠᠭᠠᠰ ᠪᠣᠯᠲᠠᠯ᠎ᠠ᠂ ᠲᠧᠩ ᠰᠢᠶᠦ᠋ᠨ ᠰᠣᠨᠢᠨ ᠮᠡᠳᠡᠭᠡᠨ ᠤ ᠬᠡᠷᠡᠭᠯᠡᠭᠴᠢ ᠶᠢᠨ ᠬᠡᠰᠡᠭ ᠤᠨ ᠰᠢᠭᠤᠳ ᠨᠡᠪᠲᠡᠷᠡᠭᠦᠯᠭᠡ ᠶᠢᠨ ᠲᠠᠪᠴᠠᠩ ᠳᠤ ᠦᠵᠡᠭᠴᠢᠳ ᠲᠤ ᠨᠢᠭᠡ ᠤᠳᠠᠭᠠᠨ ᠤ ᠣᠨᠴᠠᠭᠠᠶ ᠱᠤᠭᠤᠮ ᠳᠡᠭᠡᠷ᠎ᠡ ᠬᠠᠮᠲᠤ ᠪᠠᠷ ᠡᠳ᠋ᠯᠡᠬᠦ ᠠᠵᠢᠯᠯᠠᠭ᠎ᠠ ︽ᠬᠠᠮᠲᠤ ᠪᠠᠷ ᠰᠠᠬᠢᠨ ᠬᠠᠮᠠᠭᠠᠯᠠᠵᠤ᠂ ᠢᠷᠡᠭᠡᠳᠦᠶ ᠶᠢ ᠬᠠᠮᠲᠤ ᠪᠠᠷ ᠡᠳ᠋ᠯᠡᠬᠦ᠄ ᠳᠤᠮᠳᠠᠳᠤ ᠤᠯᠤᠰ ᠤᠨ ᠳᠡᠯᠡᠬᠡᠶ ᠶᠢᠨ ᠰᠣᠶᠣᠯ ᠤᠨ ᠥᠪ ᠢ ᠪᠤᠵᠠᠭᠠᠶᠢᠷᠠᠭᠤᠯᠬᠤ ᠪᠠ ᠤᠯᠠᠮᠵᠢᠯᠠᠨ ᠲᠠᠷᠬᠠᠭᠠᠬᠤ︾  ᠶᠢ ᠦᠷᠨᠢᠭᠦᠯᠬᠦ ᠪᠤᠯᠤᠨ᠎ᠠ᠃      ᠣᠳᠣᠬᠠᠨ ᠳᠤ ᠬᠤᠪᠸᠢ᠂ ᠦᠬᠠᠨ ᠳᠤ ᠪᠠᠶᠢᠭ᠎ᠠ ᠰᠣᠶᠣᠯ ᠤᠨ ᠥᠪ ᠵᠢᠴᠢ ᠲᠡᠭᠦᠨ ᠢ ᠰᠠᠬᠢᠨ ᠬᠠᠮᠠᠭᠠᠯᠠᠭᠴᠢᠳ ᠢ ᠤᠯᠠᠨ ᠢᠶᠠᠷ ᠢᠶᠠᠨ ᠲᠦᠢᠯ ᠢᠶᠠᠷ ᠬᠠᠯᠠᠮᠵᠢᠯᠠᠵᠤ ᠪᠠᠶᠢᠨ᠎ᠠ᠂ ᠡᠭᠦᠨ ᠤ ᠲᠤᠯᠠᠳᠠ ᠬᠤᠪᠸᠢ ᠶᠢᠨ ᠠᠬ᠎ᠠ ᠳᠡᠭᠦᠦ ᠨᠡᠷ ᠲᠤᠰᠬᠠᠶᠢᠯᠠᠨ ᠸᠢᠳᠢᠣ᠋ ᠪᠡᠯᠡᠳᠬᠡᠵᠦ᠂ ᠰᠦᠯᠵᠢᠶᠡᠨ ᠳᠡᠭᠡᠷ᠎ᠡ ᠪᠦᠬᠦ ᠤᠯᠤᠰ ᠤᠨ ᠡᠯ᠎ᠡ ᠭᠠᠵᠠᠷ ᠤᠨ ᠨᠠᠶᠢᠵᠠ ᠨᠠᠷ ᠲᠠᠢ ᠬᠤᠪᠸᠢ ᠶᠢᠨ ᠰᠣᠶᠣᠯ ᠤᠨ ᠥᠪ ᠤᠨ ᠦᠨᠡᠨ᠂ ᠰᠠᠶᠢᠨ᠂ ᠰᠠᠶᠢᠬᠠᠨ ᠢ ᠬᠠᠮᠲᠤ ᠪᠠᠷ ᠡᠳ᠋ᠯᠡᠵᠦ ᠪᠠᠶᠢᠨ᠎ᠠ᠃      ᠡᠨᠡ ᠵᠢᠯ᠂ ᠳᠡᠯᠡᠬᠡᠢ ᠶᠢᠨ ᠰᠣᠶᠣᠯ ᠤᠨ ᠥᠪ ᠤᠨ ᠶᠡᠭᠡ ᠬᠤᠷᠠᠯ ᠹᠦᠵᠧᠦ ᠳᠤ ᠬᠤᠷᠠᠯᠳᠤᠨ᠎ᠠ᠃ ︽ᠳᠡᠯᠡᠬᠡᠶ ᠶᠢᠨ ᠰᠣᠶᠣᠯ ᠤᠨ ᠥᠪ ᠤᠨ ᠨᠡᠷᠡᠰ ᠤᠨ ᠵᠢᠭᠰᠠᠭᠠᠯᠲᠠ︾ ᠳᠤ ᠵᠢᠭᠰᠠᠭᠠᠭᠳᠠᠭᠰᠠᠨ ᠲᠥᠷᠥᠯ ᠵᠦᠢᠯ ᠠᠴᠠ ᠭᠠᠳᠠᠨ᠎ᠠ᠂ ᠮᠠᠨ ᠤ ᠤᠯᠤᠰ ᠲᠤ ᠪᠠᠰᠠ ᠮᠠᠰᠢ ᠣᠯᠠᠨ ᠰᠣᠶᠣᠯ ᠤᠨ ᠰᠢᠯᠢᠳᠡᠭ ᠥᠪ ᠬᠥᠷᠥᠩᠭᠡ ᠶᠢᠨ ᠭᠠᠷᠤᠯᠲᠠ ᠶᠢᠨ ᠭᠠᠵᠠᠷ ᠪᠣᠶ᠂ ᠲᠣᠰ ᠤᠳᠠᠭᠠᠨ ᠤ ᠰᠦᠯᠵᠢᠶᠡᠨ ᠳᠡᠭᠡᠷᠡᠬᠢ ᠭᠤᠤᠯ ᠰᠡᠳᠦᠪᠲᠦ ᠠᠵᠢᠯᠯᠠᠭ᠎ᠠ ᠨᠢ ᠣᠯᠠᠨ ᠳᠤ ᠵᠢᠩ ᠮᠠᠶ ᠱᠠᠨ ᠠᠭᠤᠯᠠᠨ ᠤ ᠡᠷᠲᠡᠨ ᠤ  ᠴᠠᠢ ᠶᠢᠨ ᠣᠶ ᠶᠢᠨ ᠰᠣᠶᠣᠯ ᠤᠨ ᠦᠵᠡᠮᠵᠢ᠂ ᠪᠠᠷᠠᠭᠤᠨ ᠰᠢᠶᠠ ᠶᠢᠨ  ᠣᠩᠭᠤᠨ᠂ ᠵᠢᠶᠠᠩᠨᠠᠨ ᠤ ᠣᠰᠣᠨ ᠤᠷᠣᠨ ᠤ ᠡᠷᠲᠡᠨ ᠤ ᠪᠠᠯᠭᠠᠰᠤ᠂ ᠪᠡᠭᠡᠵᠢᠩ ᠤᠨ ᠭᠤᠤᠯ ᠲᠡᠩᠭᠡᠯᠢᠭᠳᠦ ᠱᠤᠭᠤᠮ ᠵᠡᠷᠭᠡ ︽ᠳᠤᠮᠳᠠᠳᠤ ᠤᠯᠤᠰ ᠤᠨ ᠳᠡᠯᠡᠬᠡᠶ ᠶᠢᠨ ᠰᠣᠶᠣᠯ ᠤᠨ ᠥᠪ ᠤᠨ ᠪᠡᠯᠡᠳᠬᠡᠯ ᠨᠡᠷᠡᠰ ᠤᠨ ᠵᠢᠭᠰᠠᠭᠠᠯᠲᠠ︾ ᠶᠢᠨ ᠲᠥᠷᠥᠯ ᠵᠦᠢᠯ ᠢ ᠰᠣᠨᠢᠷᠬᠠᠭᠤᠯᠬᠤ ᠪᠣᠯᠤᠨ᠎ᠠ᠃ ᠪᠠᠰᠠ ᠳᠡᠯᠡᠬᠡᠶ ᠶᠢᠨ ᠰᠣᠶᠣᠯ ᠤᠨ ᠥᠪ ᠬᠥᠷᠥᠩᠭᠡ ᠶᠢᠨ ᠥᠷᠲᠡᠭ ᠢ ᠬᠡᠷᠬᠢᠨ ᠳᠡᠯᠭᠡᠷᠡᠭᠦᠯᠬᠦ᠂ ᠣᠯᠠᠨ ᠨᠡᠶᠢᠲᠡ ᠲᠠᠢ ᠬᠡᠷᠬᠢᠨ ᠬᠤᠪᠢᠶᠠᠯᠴᠠᠬᠤ᠂ ᠳᠡᠯᠡᠬᠡᠶ ᠶᠢᠨ ᠦᠪ ᠰᠣᠶᠣᠯ ᠤᠨ ᠦᠯᠡᠳᠡᠭᠳᠡᠯ ᠤᠨ ᠭᠠᠵᠠᠷ ᠲᠤ ᠪᠠᠰᠠ ᠶᠠᠮᠠᠷ ᠶᠠᠮᠠᠷ ᠤᠯᠠᠮᠵᠢᠯᠠᠨ ᠲᠠᠷᠬᠠᠭᠠᠬᠤ ᠰᠠᠶᠢᠨ ᠲᠤᠷᠰᠢᠯᠭ᠎ᠠ ᠪᠠᠶᠢᠬᠤ ᠵᠡᠷᠭᠡ ᠬᠠᠯᠠᠮᠰᠢᠯ ᠠᠰᠠᠭᠤᠳᠠᠯ ᠢ ᠰᠤᠳᠤᠯᠤᠨ  ᠶᠠᠷᠢᠯᠴᠠᠬᠤ ᠪᠣᠯᠤᠨ᠎ᠠ᠃      ᠠᠵᠢᠯᠯᠠᠭ᠎ᠠ ᠳᠤᠮᠳᠠ᠂ ᠳᠤᠮᠳᠠᠳᠤ ᠤᠯᠤᠰ ᠤᠨ ᠳᠡᠯᠡᠬᠡᠶ ᠶᠢᠨ ᠰᠣᠶᠣᠯ ᠤᠨ ᠥᠪ ᠤᠨ ᠭᠠᠵᠠᠷ ᠣᠷᠣᠨ ᠠᠴᠠ ᠢᠷᠡᠭᠰᠡᠨ ᠨᠡᠷ᠎ᠡ ᠬᠦᠨᠳᠦᠳᠦ ᠡᠷᠬᠢᠮ ᠣᠯᠠᠨ ᠲᠠᠢ ᠳᠤᠮᠳᠠᠳᠤ ᠤᠯᠤᠰ ᠤᠨ ᠳᠡᠯᠡᠬᠡᠶ ᠶᠢᠨ ᠰᠣᠶᠣᠯ ᠤᠨ ᠥᠪ ᠢ ᠬᠡᠷᠬᠢᠨ ᠨᠡᠩ ᠰᠠᠶᠢᠳᠣᠷ ᠪᠣᠵᠠᠭᠠᠶᠢᠷᠠᠭᠤᠯᠬᠤ ᠲᠤᠬᠠᠶ᠂ ᠥᠪ ᠬᠥᠷᠥᠩᠭᠡ ᠶᠢᠨ ᠥᠷᠲᠡᠭ ᠢ ᠬᠡᠷᠬᠢᠨ ᠨᠡᠩ ᠰᠠᠶᠢᠨ ᠢᠶᠠᠷ ᠲᠠᠶᠢᠯᠪᠣᠷᠢᠯᠠᠨ ᠲᠠᠷᠬᠠᠭᠠᠬᠤ ᠲᠤᠬᠠᠶ ᠪᠣᠳᠣᠯᠬᠢᠯᠠᠯ ᠢ ᠬᠤᠪᠢᠶᠠᠯᠴᠠᠬᠤ ᠪᠣᠯᠤᠨ᠎ᠠ᠃
 
ᠢᠷᠡᠯᠲᠡ᠄ ᠳᠤᠮᠳᠠᠳᠤ ᠤᠯᠤᠰ ᠤᠨ ᠡᠷᠲᠡᠨ ᠤ ᠪᠠᠭᠤᠷᠢ ᠶᠢ ᠬᠠᠮᠠᠭᠠᠯᠠᠬᠤ ᠨᠡᠶᠢᠭᠡᠮᠯᠢᠭ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号