︽ᠬᠢᠯᠢ ᠠᠴᠠ ᠭᠠᠷᠴᠤ ᠵᠢᠭᠤᠯᠴᠢᠯᠠᠬᠤ ᠪᠠᠭ ᠪᠦᠯᠬᠦᠮ ᠬᠤᠷᠢᠶ᠎ᠠ ᠶᠢᠨ ᠸᠢᠰᠠ ᠶᠢᠨ ᠲᠤᠰᠬᠠᠶ ᠠᠵᠢᠯᠲᠠᠨ ᠤ ᠺᠠᠷᠲ ᠢ ᠬᠡᠷᠡᠭᠯᠡᠬᠦ ᠬᠠᠮᠢᠶᠠᠷᠤᠯᠲᠠ ᠶᠢᠨ ᠲᠣᠭᠲᠠᠭᠠᠯ︾ ᠢ 4 ᠳ᠋ᠦ᠋ᠭᠡᠷ ᠰᠠᠷ᠎ᠠ ᠠᠴᠠ ᠡᠬᠢᠯᠡᠵᠦ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2020/4/8
     ᠬᠢᠯᠢ ᠠᠴᠠ ᠭᠠᠷᠴᠤ ᠵᠢᠭᠤᠯᠴᠢᠯᠠᠬᠤ ᠪᠠᠭ ᠪᠦᠯᠬᠦᠮ ᠬᠤᠷᠢᠶ᠎ᠠ ᠬᠢᠯᠢ ᠠᠴᠠ ᠭᠠᠷᠴᠤ ᠵᠢᠭᠤᠯᠴᠢᠯᠠᠬᠤ ᠤᠯᠤᠰ ᠪᠠ ᠭᠠᠵᠠᠷ ᠣᠷᠣᠨ ᠤ ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ ᠤᠨ ᠺᠤᠨᠰᠦ᠋ᠯ ᠳᠤ ᠬᠢᠯᠢ ᠠᠴᠠ ᠭᠠᠷᠬᠤ ᠪᠦᠯᠬᠦᠮ ᠤᠨ ᠵᠢᠭᠤᠯᠴᠢᠯᠠᠯ ᠤᠨ ᠸᠢᠰᠠ ᠬᠦᠷᠭᠡᠵᠦ ᠬᠢᠯᠭᠡᠬᠦ ᠠᠵᠢᠯ ᠢ ᠲᠦᠷᠢᠮᠵᠢᠭᠦᠯᠦᠨ᠂ ᠬᠢᠯᠢ ᠠᠴᠠ ᠭᠠᠷᠴᠤ ᠵᠢᠭᠤᠯᠴᠢᠯᠠᠬᠤ ᠪᠠᠭ ᠪᠦᠯᠬᠦᠮ ᠬᠤᠷᠢᠶ᠎ᠠ ᠶᠢᠨ ᠸᠢᠰᠠ ᠶᠢᠨ ᠲᠤᠰᠬᠠᠶ ᠠᠵᠢᠯᠲᠠᠨ ᠤ ᠺᠠᠷᠲ ᠤᠨ ᠬᠠᠮᠢᠶᠠᠷᠤᠯᠲᠠ ᠶᠢ ᠴᠢᠩᠭᠠᠳᠬᠠᠵᠤ᠂ ᠬᠢᠯᠢ ᠠᠴᠠ ᠭᠠᠷᠴᠤ ᠵᠢᠭᠤᠯᠴᠢᠯᠠᠬᠤ ᠪᠠᠭ ᠪᠦᠯᠬᠦᠮ ᠬᠤᠷᠢᠶ᠎ᠠ ᠶᠢᠨ ᠬᠢᠯᠢ ᠠᠴᠠ ᠭᠠᠷᠴᠤ ᠵᠢᠭᠤᠯᠴᠢᠯᠠᠯ ᠤᠨ ᠲᠤᠬᠠᠶᠢᠯᠠᠭᠰᠠᠨ ᠠᠵᠢᠯ ᠥᠷᠨᠢᠭᠦᠯᠬᠦ ᠳᠤ ᠨᠢ ᠤᠯᠠᠮ ᠨᠢᠭᠡ ᠠᠯᠬᠤᠮ ᠲᠥᠬᠦᠮ ᠦᠵᠡᠭᠦᠯᠬᠦ ᠶᠢᠨ ᠲᠥᠯᠥᠭᠡ᠂ ᠰᠣᠶᠣᠯ ᠪᠠ ᠵᠢᠭᠤᠯᠴᠢᠯᠠᠯ ᠤᠨ ᠶᠠᠮᠤᠨ ︽ᠬᠢᠯᠢ ᠠᠴᠠ ᠭᠠᠷᠴᠤ ᠵᠢᠭᠤᠯᠴᠢᠯᠠᠬᠤ ᠪᠠᠭ ᠪᠦᠯᠬᠦᠮ ᠬᠤᠷᠢᠶ᠎ᠠ ᠶᠢᠨ ᠸᠢᠰᠠ ᠶᠢᠨ ᠲᠤᠰᠬᠠᠶ ᠠᠵᠢᠯᠲᠠᠨ ᠤ ᠺᠠᠷᠲ ᠢ ᠬᠡᠷᠡᠭᠯᠡᠬᠦ ᠬᠠᠮᠢᠶᠠᠷᠤᠯᠲᠠ ᠶᠢᠨ ᠲᠣᠭᠲᠠᠭᠠᠯ︾ ︵ᠳᠣᠷᠣᠭᠰᠢ ︽ᠲᠣᠭᠲᠠᠭᠠᠯ︾ ᠭᠡᠵᠦ ᠲᠣᠪᠴᠢᠯᠠᠨ᠎ᠠ︶ ᠢ ᠲᠦᠷᠦᠭᠦᠬᠡᠨ ᠳᠠᠷᠤᠮᠠᠯᠯᠠᠨ ᠲᠠᠷᠬᠠᠭᠠᠵᠠᠢ᠂ 2020 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ︽ᠲᠣᠭᠲᠠᠭᠠᠯ︾ ᠨᠢ ︽ᠵᠢᠭᠤᠯᠴᠢᠯᠠᠯ ᠤᠨ ᠬᠤᠷᠢᠶᠠᠨ ᠤ ᠲᠦᠷᠢᠮ︾᠂ ︽ᠳᠤᠮᠳᠠᠳᠤ ᠤᠯᠤᠰ ᠤᠨ ᠠᠷᠠᠳ ᠢᠷᠭᠡᠨ ᠤ ᠭᠠᠳᠠᠭᠠᠳᠤ ᠳᠤ ᠭᠠᠷᠴᠤ ᠵᠢᠭᠤᠯᠴᠢᠯᠠᠬᠤ ᠬᠠᠮᠢᠶᠠᠷᠤᠯᠲᠠ ᠶᠢᠨ ᠠᠷᠭ᠎ᠠ︾ ᠵᠢᠴᠢ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠳᠤ ᠦᠨᠳᠦᠰᠦᠯᠡᠨ᠂ ᠨᠡᠶᠢᠲᠡ 14 ᠵᠤᠷᠪᠤᠰ ᠭᠠᠷᠭᠠᠵᠤ᠂ ᠸᠢᠰᠠ ᠶᠢᠨ ᠲᠤᠰᠬᠠᠶ ᠠᠵᠢᠯᠲᠠᠨ ᠤ ᠺᠠᠷᠲ᠂ ᠸᠢᠰᠠ ᠶᠢᠨ ᠲᠤᠰᠬᠠᠶ ᠠᠵᠢᠯᠲᠠᠨ ᠤ ᠬᠠᠮᠢᠶᠠᠷᠤᠯᠲᠠ ᠦᠢᠯᠡᠴᠢᠯᠡᠭᠡᠨ ᠤ ᠰᠢᠰᠲ᠋ᠧᠮ᠂ ᠸᠢᠰᠠ ᠶᠢᠨ ᠲᠤᠰᠬᠠᠶ ᠠᠵᠢᠯᠲᠠᠨ ᠤ ᠺᠠᠷᠲ ᠪᠠ ᠸᠢᠰᠠ ᠶᠢᠨ ᠲᠤᠰᠬᠠᠶ ᠠᠵᠢᠯᠲᠠᠨ ᠤ ᠬᠠᠮᠢᠶᠠᠷᠤᠯᠲᠠ ᠶᠢᠨ ᠲᠦᠷᠢᠮ᠂ ᠸᠢᠰᠠ ᠶᠢᠨ ᠲᠤᠰᠬᠠᠶ ᠠᠵᠢᠯᠲᠠᠨ ᠤ ᠺᠠᠷᠲ ᠢ ᠭᠤᠶᠤᠴᠢᠯᠠᠬᠤ ᠰᠣᠯᠢᠵᠤ ᠦᠭᠬᠦ ᠪᠤᠶᠤ ᠨᠥᠬᠦᠵᠦ ᠠᠪᠬᠤ ᠵᠢᠴᠢ ᠵᠥᠪ ᠬᠡᠷᠡᠭᠯᠡᠬᠦ ᠵᠡᠷᠭᠡ ᠲᠠᠯ᠎ᠠ ᠳᠤ ᠪᠥᠬᠦ ᠲᠠᠯ᠎ᠠ ᠪᠠᠷ ᠳᠦᠷᠢᠮᠵᠢᠭᠦᠯᠪᠡ᠃      ︽ᠲᠣᠭᠲᠠᠭᠠᠯ︾ ᠳᠤ᠂ ᠸᠢᠰᠠ ᠶᠢᠨ ᠲᠤᠰᠬᠠᠶ ᠠᠵᠢᠯᠲᠠᠨ ᠤ ᠺᠠᠷᠲ ᠭᠡᠳᠡᠭ ᠨᠢ ᠮᠠᠨ ᠤ ᠤᠯᠤᠰ ᠬᠠᠮᠢᠶ᠎ᠠ ᠪᠦᠬᠦᠢ ᠤᠯᠤᠰ ᠪᠠ ᠭᠠᠵᠠᠷ ᠣᠷᠣᠨ ᠯᠤᠭ᠎ᠠ ᠭᠠᠷ ᠤᠨ ᠥᠰᠥᠭ ᠵᠢᠷᠤᠭᠰᠠᠨ ᠬᠤᠶᠠᠷ ᠲᠠᠯ᠎ᠠ ᠶᠢᠨ ᠵᠢᠭᠤᠯᠴᠢᠯᠠᠯ ᠤᠨ ᠬᠡᠯᠡᠯᠴᠡᠭᠡᠷ ᠲᠤ ᠦᠨᠳᠦᠰᠦᠯᠡᠭᠡᠳ ᠬᠢᠯᠢ ᠠᠴᠠ ᠭᠠᠷᠴᠤ ᠵᠢᠭᠤᠯᠴᠢᠯᠠᠬᠤ ᠪᠠᠭ ᠪᠦᠯᠬᠦᠮ ᠬᠤᠷᠢᠶ᠎ᠠ ᠬᠢᠯᠢ ᠠᠴᠠ ᠭᠠᠷᠴᠤ ᠵᠢᠭᠤᠯᠴᠢᠯᠠᠬᠤ ᠤᠯᠤᠰ ᠪᠠ ᠭᠠᠵᠠᠷ ᠣᠷᠣᠨ ᠤ ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ ᠤᠨ ᠺᠤᠨᠰᠦ᠋ᠯ ᠳᠤ ᠬᠢᠯᠢ ᠠᠴᠠ ᠭᠠᠷᠬᠤ ᠵᠢᠭᠤᠯᠴᠢᠯᠠᠯ ᠤᠨ ᠪᠦᠯᠬᠦᠮ ᠸᠢᠰᠠ ᠬᠢᠯᠭᠡᠬᠦ ᠪᠠᠷ ᠭᠤᠶᠤᠴᠢᠯᠠᠬᠤ ᠠᠵᠢᠯ ᠳᠤ ᠲᠦᠭᠦᠮ ᠦᠵᠡᠭᠦᠯᠬᠦ ᠶᠢᠨ ᠲᠥᠯᠥᠭᠡ᠂ ᠰᠣᠶᠣᠯ ᠪᠠ ᠵᠢᠭᠤᠯᠴᠢᠯᠠᠯ ᠤᠨ ᠶᠠᠮᠤᠨ ᠤ ᠣᠯᠠᠨ ᠤᠯᠤᠰ ᠤᠨ ᠰᠣᠯᠢᠯᠴᠠᠭ᠎ᠠ ᠪᠠ ᠬᠠᠮᠲᠤᠷᠠᠯᠴᠠᠭᠠᠨ ᠤ ᠲᠣᠪᠴᠢᠶ᠎ᠠ ᠠᠴᠠ ᠳᠠᠷᠤᠮᠠᠯᠯᠠᠨ ᠦᠢᠯᠡᠳᠦᠭᠰᠡᠨ ᠳᠤᠮᠳᠠᠳᠤ ᠤᠯᠤᠰ ᠲᠤ ᠰᠠᠭᠤᠭ᠎ᠠ ᠡᠯ᠎ᠡ ᠡᠯᠴᠢᠨ ᠰᠠᠶᠢᠳ ᠤᠨ ᠺᠤᠨᠰᠦ᠋ᠯ ᠳᠤ ᠬᠢᠯᠢ ᠠᠴᠠ ᠭᠠᠷᠴᠤ ᠵᠢᠭᠤᠯᠴᠢᠯᠠᠬᠤ ᠪᠠᠭ ᠪᠦᠯᠬᠦᠮ ᠬᠤᠷᠢᠶ᠎ᠠ ᠶᠢᠨ ᠬᠠᠮᠲᠤ ᠶᠢᠨ ᠵᠢᠭᠤᠯᠴᠢᠯᠠᠯ ᠤᠨ ᠸᠢᠰᠠ ᠶᠢ ᠭᠦᠢᠴᠡᠳᠭᠡᠬᠦ ᠬᠦᠮᠦᠨ ᠢ ᠭᠡᠷᠡᠴᠢᠯᠡᠬᠦ ᠳᠤ ᠬᠡᠷᠡᠭᠯᠡᠬᠦ ᠦᠨᠡᠮᠯᠡᠯ ᠶᠤᠮ ᠭᠡᠵᠦ ᠲᠣᠳᠤᠷᠬᠠᠶᠢᠯᠠᠪᠠ᠃      ︽ᠲᠣᠭᠲᠠᠭᠠᠯ︾ ᠳᠤ᠂ ᠸᠢᠰᠠ ᠶᠢᠨ ᠲᠤᠰᠬᠠᠶ ᠠᠵᠢᠯᠲᠠᠨ ᠤ ᠺᠠᠷᠲ ᠢ ᠬᠠᠭᠤᠷᠮᠠᠭᠯᠠᠨ ᠵᠣᠬᠢᠶᠠᠭᠰᠠᠨ᠂ ᠬᠤᠪᠢᠷᠠᠭᠤᠯᠤᠨ ᠵᠣᠬᠢᠶᠠᠭᠰᠠᠨ ᠬᠢᠯᠢ ᠠᠴᠠ ᠭᠠᠷᠴᠤ ᠵᠢᠭᠤᠯᠴᠢᠯᠠᠬᠤ ᠪᠠᠭ ᠪᠦᠯᠬᠦᠮ ᠬᠤᠷᠢᠶ᠎ᠠ ᠵᠢᠴᠢ ᠬᠤᠯᠪᠣᠭᠳᠠᠯ ᠪᠥᠬᠦᠶ ᠪᠠᠶᠢᠭᠤᠯᠭ᠎ᠠ ᠨᠢᠭᠡᠴᠢ ᠪᠠ ᠬᠤᠪᠢ ᠬᠥᠮᠦᠨ ᠢ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠨ᠎ᠡ ᠭᠡᠵᠦ ᠵᠢᠭᠠᠨ ᠭᠠᠷᠭᠠᠪᠠ᠃ ︵ᠸᠠᠩ ᠶᠠᠩ︶
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号