ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠲᠠᠪᠢᠳᠤᠭᠠᠷ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2020/5/7
     3 ᠳ᠋ᠤᠭᠠᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ   ᠤ ᠠᠯᠪᠠᠨ ᠬᠡᠷ ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠵᠢᠯᠤᠭᠤᠳᠬᠤ ᠭᠠᠵᠠᠷ ᠤᠨ  ᠲᠠᠪᠢᠳᠤᠭᠠᠷ  ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ  ᠢ ᠬᠢᠵᠦ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ  ᠭᠡᠰᠢᠬᠦᠨ᠂ ᠲᠢᠩᠬᠢᠮ ᠤᠨ ᠳᠡᠳ᠋ ᠳᠠᠷᠤᠭ᠎ᠠ ᠯᠢ ᠰᠢᠶᠤᠤ ᠴᠢᠦ ᠨᠡᠶᠢᠭᠡᠮ ᠪᠠ ᠵᠠᠭᠤᠴᠢᠯᠠᠭᠤᠷ ᠤᠨ  ᠬᠢᠨ ᠤ ᠠᠩᠬᠠᠷᠴᠤ ᠪᠠᠶᠢᠭ᠎ᠠ  ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃          ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ︽ᠰᠣᠨᠢᠨ ᠮᠡᠳᠡᠭᠡᠨ ᠤ ᠳᠠᠮᠵᠢᠭᠤᠯᠬᠤ ᠨᠡᠪᠲᠡᠷᠡᠭᠦᠯᠭᠡ︾ ᠶᠢᠨ ᠰᠤᠷᠪᠤᠯᠵᠢᠯᠠᠭᠴᠢ᠄ ᠬᠢᠵᠢᠭ ᠤᠨ ᠪᠠᠶᠢᠳᠠᠯ ᠦᠷᠭᠦᠯᠵᠢᠯᠡᠨ ᠰᠠᠶᠢᠵᠢᠷᠠᠬᠤ ᠶᠢ ᠳᠠᠭᠠᠯᠳᠤᠨ᠂ ᠰᠣᠶᠣᠯ ᠪᠠ  ᠵᠢᠭᠤᠯᠴᠢᠯᠠᠯ ᠤᠨ ᠠᠵᠢᠯ ᠲᠥᠷᠥᠯ ᠤᠨ  ᠦᠢᠯᠡᠳᠪᠦᠷᠢᠯᠡᠯ ᠢᠶᠠᠨ ᠰᠡᠷᠭᠦᠭᠡᠭᠰᠡᠨ ᠪᠠᠶᠢᠳᠠᠯ ᠶᠠᠮᠠᠷ ᠵᠡᠷᠭᠡ ᠪᠣᠶ︖ ᠬᠢᠵᠢᠭ ᠤᠨ ᠪᠠᠶᠢᠳᠠᠯ ᠦᠩᠭᠡᠷᠡᠭᠰᠡᠨ  ᠤ ᠳᠠᠷᠠᠭᠠᠬᠢ ᠣᠯᠠᠨ ᠲᠦᠮᠡᠨ ᠤ ᠲᠠᠰᠤᠷᠠᠯᠲᠠ ᠥᠬᠡᠶ  ᠦᠷᠨᠢᠬᠦ ᠰᠣᠶᠣᠯ ᠵᠢᠭᠤᠯᠴᠢᠯᠠᠯ ᠤᠨ ᠰᠡᠯᠡᠭᠦᠴᠡᠯ ᠤᠨ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ   ᠳᠤ ᠪᠡᠯᠡᠳᠬᠡᠯ ᠬᠢᠭᠰᠡᠨ  ᠤᠤ︖          ᠯᠢ ᠰᠢᠶᠤᠤ ᠴᠢᠦ᠄ ᠬᠢᠵᠢᠭ ᠤᠨ ᠪᠠᠶᠢᠳᠠᠯ ᠤᠨ ᠲᠠᠰᠤᠷᠠᠯᠲᠠ ᠥᠬᠡᠶ ᠰᠠᠶᠢᠵᠢᠷᠠᠬᠤ ᠶᠢ ᠳᠠᠭᠠᠯᠳᠤᠨ ᠣᠯᠠᠨ ᠲᠦᠮᠡᠨ ᠤ ᠰᠣᠶᠣᠯ ᠵᠢᠭᠤᠯᠴᠢᠯᠠᠯ ᠤᠨ ᠬᠡᠷᠡᠭᠯᠡᠭᠡᠨ ᠤ  ᠤᠷᠮ᠎ᠠ ᠵᠤᠷᠢᠭ ᠴᠦ ᠲᠠᠰᠤᠷᠠᠯᠲᠠ ᠥᠬᠡᠶ  ᠰᠡᠷᠬᠦᠨ ᠥᠷᠨᠢᠵᠦ ᠪᠠᠶᠢᠨ᠎ᠠ᠃ ᠪᠥᠬᠦ ᠣᠷᠣᠨ ᠤ ᠰᠣᠶᠣᠯ ᠪᠠ ᠵᠢᠭᠤᠯᠴᠢᠯᠠᠯ ᠤᠨ ᠹᠷᠣᠨᠲ ᠤᠨ ᠬᠢᠨ ᠠᠵᠢᠯ ᠤᠨ ᠬᠦᠴᠦᠯᠡᠬᠦ ᠴᠡᠭ ᠪᠠ ᠠᠷᠭᠠᠴᠠᠬᠤ ᠠᠷᠭ᠎ᠠ ᠬᠡᠮᠵᠢᠶ᠎ᠡ ᠪᠠᠨ ᠴᠠᠭ ᠲᠤᠬᠠᠶ  ᠳᠤ ᠨᠢ ᠳᠣᠭᠢᠷᠠᠭᠤᠯᠵᠤ᠂ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ  ᠦᠢᠯᠡᠳᠪᠦᠷᠢᠯᠡᠯ ᠢᠶᠠᠨ ᠰᠡᠷᠭᠦᠭᠡᠵᠦ ᠠᠵᠢᠯ ᠢᠶᠠᠨ ᠰᠡᠷᠭᠦᠭᠡᠬᠦ ᠶᠢ ᠢᠳᠡᠪᠬᠢᠲᠡᠶ ᠳᠥᠯᠭᠢᠨ ᠠᠬᠢᠭᠤᠯᠪᠠ᠃ ᠪᠠᠭᠴᠠᠯᠠᠭᠠᠳ ᠬᠡᠯᠡᠪᠡᠯ᠂ ᠭᠤᠤᠯᠳᠠᠭᠤ ᠭᠤᠷᠪᠠᠨ  ᠵᠦᠢᠯ  ᠪᠤᠯᠤᠨ᠎ᠠ  ᠄          ᠨᠢᠭᠡ ᠳᠤ᠂ ᠪᠦᠬᠦ ᠲᠠᠯ᠎ᠠ ᠪᠠᠷ ᠡᠮᠬᠢ ᠵᠢᠷᠤᠮ ᠲᠠᠢ ᠨᠡᠭᠡᠭᠡᠨ᠎ᠡ᠃ 3 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠥᠬᠦ ᠣᠷᠣᠨ ᠤ 103 ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠵᠢᠭ ᠤᠨ  ᠪᠠᠶᠢᠳᠠᠯ ᠤᠨ ᠲᠦᠭᠰᠢᠭᠦᠷᠢ ᠶᠢᠨ ᠳᠡᠰ ᠢ ᠪᠦᠬᠦᠨ ᠢ ᠳᠣᠤᠷ᠎ᠠ ᠲᠦᠭᠰᠢᠭᠦᠷᠢ ᠪᠣᠯᠭᠠᠨ ᠲᠣᠬᠢᠷᠠᠭᠤᠯᠬᠤ ᠪᠠᠷ ᠲᠣᠭᠲᠠᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠬᠤ ᠲᠤᠬᠠᠶ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠶᠢᠨ  ᠱᠠᠭᠠᠷᠳᠠᠯᠭ᠎ᠠ ᠶᠣᠰᠣᠭᠠᠷ᠂ ᠰᠣᠶᠣᠯ ᠪᠠ ᠵᠢᠭᠤᠯᠴᠢᠯᠠᠯ ᠤᠨ ᠲᠢᠩᠬᠢᠮ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠤᠪᠢᠷᠠᠯᠲᠠ ᠶᠢ ᠣᠨᠣᠪᠴᠢᠲᠠᠶ ᠡᠵᠡᠮᠳᠡᠵᠦ᠂ ᠠᠵᠢᠯ ᠤᠨ ᠬᠦᠴᠦᠯᠡᠬᠦ ᠴᠡᠭ ᠪᠠ ᠠᠷᠭᠠᠴᠠᠬᠤ ᠠᠷᠭ᠎ᠠ ᠬᠡᠮᠵᠢᠶ᠎ᠡ ᠪᠠᠨ ᠴᠠᠭ ᠲᠤᠬᠠᠶ  ᠳᠤ ᠨᠢ ᠲᠣᠬᠢᠷᠠᠭᠤᠯᠵᠤ᠂ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠠᠵᠢᠯ ᠵᠶ᠋ᠠᠨ‌‍ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠡᠮᠬᠢ ᠵᠢᠷᠤᠮ ᠲᠠᠢ ᠳᠥᠯᠭᠢᠨ ᠠᠬᠢᠭᠤᠯᠪᠠ᠃ 3 ᠳ᠋ᠤᠭᠠᠷ ᠰᠠᠷ᠎ᠠ ᠶᠢᠨ 24 ᠤ ᠡᠳᠦᠷ ᠪᠣᠯᠲᠠᠯ᠎ᠠ᠂ ᠪᠥᠬᠦ ᠣᠷᠣᠨ ᠳᠤ ᠨᠢᠭᠡᠨᠲᠡ 174 ᠵᠢᠭᠤᠯᠴᠢᠯᠠᠯ ᠤᠨ ᠣᠳᠣᠨ ᠲᠠᠰ ᠤᠨ ᠵᠣᠴᠢᠳ ᠤᠨ ᠪᠠᠭᠤᠳᠠᠯ  ᠡᠵᠡᠩᠨᠡᠯᠲᠡ ᠪᠠᠨ ᠰᠡᠷᠭᠦᠭᠡᠵᠦ᠂ 14804 ᠣᠯᠠᠨ ᠨᠡᠶᠢᠲᠡ ᠶᠢᠨ ᠰᠣᠶᠣᠯ   ᠤᠨ ᠲᠠᠯᠠᠪᠤᠷ᠂ 181 ᠵᠢᠭᠤᠯᠴᠢᠯᠠᠯ ᠤᠨ ᠦᠵᠡᠮᠵᠢ ᠶᠢᠨ ᠣᠷᠣᠨ ᠨᠡᠭᠡᠭᠡᠯᠲᠡ  ᠪᠠᠨ ᠰᠡᠷᠭᠦᠭᠡᠵᠦ᠂ ᠠᠵᠢᠯ ᠰᠡᠷᠭᠦᠭᠡᠭᠰᠡᠨ ᠨᠣᠷᠮ᠎ᠠ ᠨᠢ ᠲᠣᠰ ᠲᠣᠰ 67.18%᠂ 98.25% ᠪᠠ 38.27% ᠳᠤ ᠬᠦᠷᠴᠦ᠂ ᠤᠯᠠᠷᠢᠯ ᠤᠨ ᠴᠢᠨᠠᠷᠲᠠᠶ ᠬᠦᠴᠦᠨ  ᠵᠦᠢᠯ ᠢ  ᠡᠰᠡ ᠲᠤᠭᠠᠴᠠᠪᠠᠯ᠂ ︽ᠰᠡᠷᠭᠦᠭᠡᠵᠦ ᠳᠡᠶᠢᠯᠬᠦ ᠶᠢ ᠨᠢ ᠰᠡᠷᠭᠦᠭᠡᠵᠦ᠂ ᠰᠡᠷᠭᠦᠭᠡᠬᠦ ᠴᠢᠬᠤᠯᠠᠲᠠᠢ ᠶᠢ ᠨᠢ ᠴᠥᠮ ᠢ ᠰᠡᠷᠭᠦᠭᠡᠬᠦ︾ ᠶᠢ ᠦᠨᠳᠦᠰᠦᠨ ᠳᠤ ᠪᠠᠨ ᠪᠡᠶᠡᠯᠡᠭᠦᠯᠵᠦ᠂ ᠬᠡᠪ ᠤᠨ ᠠᠮᠢᠳᠤᠷᠠᠯ ᠤᠨ ᠡᠮᠬᠢ ᠵᠢᠷᠤᠮ ᠢ ᠪᠥᠬᠦ ᠲᠠᠯ᠎ᠠ ᠪᠠᠷ ᠰᠡᠷᠭᠦᠭᠡᠪᠡ᠃ ᠣᠳᠣᠬᠠᠨ ᠳᠤ ᠬᠠᠷᠠᠬᠠᠨ ᠠᠵᠢᠯ ᠢᠶᠠᠨ ᠰᠡᠷᠭᠦᠭᠡᠵᠦ  ᠦᠢᠯᠡᠳᠪᠦᠷᠢᠯᠡᠯ ᠢᠶᠠᠨ ᠰᠡᠷᠭᠦᠭᠡᠭᠡᠳᠦᠶ ᠠᠵ