2020 ᠣᠨ ᠤ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠮᠡᠳᠡᠭᠦᠯᠬᠦ ᠬᠠᠮᠢᠶ᠎ᠠ ᠪᠥᠬᠦᠶ ᠠᠵᠢᠯ ᠢ ᠥᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/6/24
ᠡᠯ᠎ᠡ ᠠᠶᠢᠮᠠᠭ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ᠄          A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠪᠦᠬᠦ ᠣᠷᠣᠨ ᠤ ᠵᠢᠭᠤᠯᠴᠢᠯᠠᠯ ᠤᠨ ᠦᠵᠡᠮᠵᠢ ᠶᠢᠨ ᠣᠷᠣᠨ ᠤ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠬᠦᠯᠬᠦ ᠶᠢᠨ ᠲᠥᠯᠦᠭᠡ᠂ ᠮᠠᠨ ᠤ ᠲᠢᠩᠬᠢᠮ A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠦᠨᠡᠯᠡᠨ ᠲᠣᠭᠲᠠᠭᠠᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ 3A᠂ 4A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠰᠢᠨ᠎ᠡ ᠪᠠᠷ ᠦᠨᠡᠯᠡᠬᠦ ᠶᠢ ᠵᠣᠬᠢᠶᠠᠨ ᠪᠠᠶᠢᠭᠤᠯᠤᠨ᠎ᠠ᠃ ᠤᠳᠤ A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠮᠡᠳᠡᠬᠦᠯᠬᠦ ᠬᠠᠮᠢᠶ᠎ᠠ ᠪᠦᠬᠦᠢ ᠠᠵᠢᠯ ᠢ ᠳᠤᠤᠷᠠᠬᠢ ᠮᠡᠲᠦ ᠮᠡᠳᠡᠭᠳᠡᠶ᠎ᠡ᠄      ᠨᠢᠭᠡ᠂ ᠮᠡᠳᠡᠭᠦᠯᠬᠦ ᠮᠠᠲ᠋ᠧᠷᠢᠶᠠᠯ          ᠡᠯ᠎ᠡ ᠠᠶᠢᠮᠠᠭ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ ᠨᠢ ᠠᠶᠢᠮᠠᠭ ᠬᠤᠲᠠ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠶᠠᠰᠤ ᠴᠢᠨᠠᠷ ᠤᠨ ᠵᠡᠷᠭᠡ ᠳᠡᠰ ᠢ ᠦᠨᠡᠯᠡᠨ ᠲᠣᠭᠲᠠᠭᠠᠬᠤ ᠪᠠᠶᠢᠭᠤᠯᠤᠮᠵᠢ ᠶᠢᠨ ᠮᠡᠳᠡᠭᠦᠯᠬᠦ ᠪᠢᠴᠢᠭ ᠮᠠᠲ᠋ᠧᠷᠢᠶᠠᠯ ᠪᠠ ︽ᠦᠨᠡᠯᠡᠨ ᠲᠣᠭᠲᠠᠭᠠᠬᠤ ᠮᠡᠳᠡᠭᠦᠯᠦᠯᠲᠡ ᠶᠢᠨ ᠪᠢᠴᠢᠭ︾ ᠢ ᠲᠤᠰ ᠪᠦᠷᠢ ᠨᠢᠭᠡ ᠬᠤᠪᠢ ︵ᠴᠠᠭᠠᠰᠤᠨ ᠮᠠᠲ᠋ᠧᠷᠢᠶᠠᠯ︶ ᠲᠤᠰᠢᠶᠠᠵᠤ᠂ ᠪᠤᠰᠤᠳ ᠮᠠᠲ᠋ᠧᠷᠢᠶᠠᠯ ᠢ ︽ᠪᠦᠬᠦ ᠤᠯᠤᠰ ᠤᠨ A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠰᠢᠰᠲ᠋ᠧᠮ︾ ᠢᠶᠠᠷ ᠲᠤᠰᠢᠶᠠᠨ᠎ᠠ  ᠃ ᠨᠠᠷᠢᠨ ᠪᠠᠶᠢᠳᠠᠯ ᠨᠢ ᠳᠣᠣᠷᠠᠬᠢ ᠮᠡᠲᠦ᠄ ᠡᠭᠦᠳᠦᠨ ᠪᠠᠶᠢᠭᠤᠯᠬᠤ ᠭᠤᠶᠤᠴᠢᠯᠠᠯ ᠤᠨ ᠪᠢᠴᠢᠭ︔ ᠪᠠᠶᠢᠭᠤᠯᠬᠤ ᠬᠦᠷᠢᠶ᠎ᠡ ᠬᠡᠪᠴᠢᠶᠡᠨ ᠤ ᠵᠢᠷᠤᠭ ︔ ᠦᠵᠡᠮᠵᠢ ᠶᠢᠨ ᠣᠷᠣᠨ ᠤ ᠪᠥᠬᠦ ᠦᠵᠡᠮᠵᠢ ᠶᠢᠨ  ᠵᠢᠯᠤᠭᠤᠳᠤᠮᠵᠢ ᠵᠢᠷᠤᠭ︔ ᠬᠠᠤᠯᠢ ᠶᠣᠰᠣᠴᠢ ᠴᠢᠨᠠᠷ ᠤᠨ ᠭᠡᠷᠡᠴᠢᠯᠡᠬᠦ ᠮᠠᠲ᠋ᠧᠷᠢᠶᠠᠯ ︵ ᠲᠥᠰᠦᠯ ᠲᠣᠭᠲᠠᠭᠠᠭᠰᠠᠨ ᠪᠢᠴᠢᠭ ᠮᠠᠲ᠋ᠧᠷᠢᠶᠠᠯ ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠪᠢᠴᠢᠭ ᠮᠠᠲ᠋ᠧᠷᠢᠶᠠᠯ᠂ ᠡᠷᠡᠭᠦᠯ ᠬᠠᠮᠠᠭᠠᠯᠠᠯ ᠤᠨ  ᠵᠥᠪᠰᠢᠶᠡᠷᠡᠯ ᠤᠨ ᠪᠢᠴᠢᠭ ᠮᠠᠲ᠋ᠧᠷᠢᠶᠠᠯ᠂ ᠤᠨᠴᠠᠭᠠᠢ ᠲᠥᠷᠥᠯ ᠤᠨ ᠪᠡᠯᠡᠳᠬᠡᠮᠵᠢ ᠲᠥᠬᠦᠭᠡᠷᠦᠮᠵᠢ ᠶᠢᠨ ᠪᠢᠴᠢᠭ ᠮᠠᠲ᠋ᠧᠷᠢᠶᠠᠯ ᠪᠤᠶᠤ ᠤᠨᠴᠠᠭᠠᠢ ᠲᠥᠷᠥᠯ ᠤᠨ ᠪᠡᠯᠡᠳᠬᠡᠮᠵᠢ ᠲᠥᠬᠦᠭᠡᠷᠦᠮᠵᠢ ᠪᠠᠶᠢᠬᠤ ᠦᠭᠡᠢ ᠲᠣᠳᠣᠷᠬᠠᠶᠢᠯᠠᠯᠲᠠ᠂ ᠦᠵᠡᠮᠵᠢ ᠶᠢᠨ ᠣᠷᠣᠨ ᠤ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠬᠦ ᠡᠷᠬᠡ ᠶᠢᠨ ᠵᠢᠭᠤᠷᠠᠯᠳᠤᠭᠠᠨ  ᠳᠤ ᠬᠤᠯᠪᠤᠭᠳᠠᠬᠤ ᠦᠭᠡᠢ   ᠶᠢ ᠭᠡᠷᠡᠴᠢᠯᠡᠬᠦ ᠪᠢᠴᠢᠭ ᠮᠠᠲ᠋ᠧᠷᠢᠶᠠᠯ  ᠂ ᠠᠮᠠᠯᠠᠯᠲᠠ ᠶᠢᠨ  ᠵᠠᠬᠢᠳᠠᠯ︶︔ ︽ᠦᠢᠯᠡᠴᠢᠯᠡᠭᠡᠨ ᠤ ᠶᠠᠰᠤ ᠴᠢᠨᠠᠷ ᠬᠢᠭᠡᠳ ᠣᠷᠴᠢᠨ ᠲᠣᠭᠤᠷᠢᠨ ᠤ ᠶᠠᠰᠤ ᠴᠢᠨᠠᠷ︾ ︵ᠵᠢᠷᠤᠭ  ᠦᠰᠦᠭ  ᠬᠤᠤᠰᠯᠠᠭᠰᠠᠨ ᠪᠠᠶᠢᠬᠤ ᠬᠡᠷᠡᠭᠲᠡᠢ︶᠂ ︽ᠦᠵᠡᠮᠵᠢ ᠶᠢᠨ ᠶᠠᠰᠤ ᠴᠢᠨᠠᠷ︾ ᠪᠠ ︽ᠦᠢᠯᠡᠴᠢᠯᠡᠭᠡᠨ ᠤ ᠶᠠᠰᠤ ᠴᠢᠨᠠᠷ ᠬᠢᠭᠡᠳ ᠣᠷᠴᠢᠨ ᠲᠣᠭᠤᠷᠢᠨ ᠤ ᠶᠠᠰᠤ ᠴᠢᠨᠠᠷ︾ ᠢ ᠲᠣᠳᠣᠷᠬᠠᠶᠢᠯᠠᠭᠰᠠᠨ ᠸᠢᠳᠢᠤ᠋᠂ ᠡᠭᠦᠳᠦᠨ ᠪᠠᠶᠢᠭᠤᠯᠬᠤ ᠪᠠᠶᠢᠳᠠᠯ ᠤᠨ ᠬᠠᠷᠢᠭᠤ ᠮᠡᠳᠡᠭᠦᠯᠦᠯᠲᠡ︔ ᠠᠷᠢᠭᠤᠨ ᠴᠢᠬᠡᠴᠢ ᠪᠠᠷ ᠮᠡᠳᠡᠬᠦᠯᠦᠨ ᠪᠠᠶᠢᠭᠤᠯᠬᠤ ᠠᠮᠠᠯᠠᠯᠲᠠ ᠶᠢᠨ ᠪᠢᠴᠢᠭ︔ ᠬᠡᠷᠪᠡ ᠵᠢᠭᠤᠯᠴᠢᠯᠠᠯ ᠤᠨ ᠦᠵᠡᠮᠵᠢ ᠶᠢᠨ ᠣᠷᠣᠨ ᠨᠢ ᠨᠤᠲᠤᠭ ᠪᠡᠯᠴᠢᠭᠡᠷ ᠢ ᠲᠠᠲᠠᠪᠤᠷᠢᠯᠠᠬᠤ ᠂  ᠡᠵᠡᠯᠡᠬᠦ ᠳᠤ ᠬᠤᠯᠪᠣᠭᠳᠠᠪᠠᠯ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠬᠦ ᠭᠠᠷᠳᠠᠮ ᠢ ᠬᠠᠩᠭᠠᠬᠤ ᠬᠡᠷᠡᠭᠲᠡᠶ᠃          ᠬᠤᠶᠠᠷ᠂ ᠮᠠᠲ᠋ᠧᠷᠢᠶᠠᠯ ᠤᠨ ᠠᠩᠬᠠᠨ ᠤ ᠦᠨᠡᠯᠡᠯᠲᠡ          ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠦᠵᠡᠮᠵᠢ ᠶᠢᠨ ᠣᠷᠣᠨ ᠤ ᠶᠠᠰᠤ ᠴᠢᠨᠠᠷ ᠵᠡᠷᠭᠡ ᠳᠡᠰ ᠢ ᠬᠢᠨᠠᠨ ᠲᠣᠭᠲᠠᠭᠠᠬᠤ ᠪᠠᠶᠢᠭᠤᠯᠤᠮᠵᠢ ᠮᠠᠲ᠋ᠧᠷᠢᠶᠠᠯ ᠢ ᠣᠯᠤᠭᠰᠠᠨ ᠤ ᠳᠠᠷᠠᠭ᠎ᠠ ᠲᠤᠰᠬᠠᠶ ᠮᠡᠷᠭᠡᠵᠢᠯᠲᠡᠨ ᠤᠷᠢᠵᠤ ᠮᠠᠲ᠋ᠧᠷᠢᠶᠠᠯ ᠳᠤ ᠠᠩᠬᠠᠨ ᠤ ᠦᠨᠡᠯᠡᠯᠲᠡ ᠬᠢᠯᠭᠡᠵᠦ᠂ ︽ᠵᠢᠭᠤᠯᠴᠢᠯᠠᠯ ᠤᠨ ᠦᠵᠡᠮᠵᠢ ᠶᠢᠨ ᠣᠷᠣᠨ ᠤ ᠶᠠᠰᠤ ᠴᠢᠨᠠᠷ ᠤᠨ ᠵᠡᠷᠭᠡ ᠳᠡᠰ ᠢ ᠬᠤᠪᠢᠶᠠᠷᠢᠯᠠᠬᠤ ᠪᠠ ᠦᠨᠡᠯᠡᠨ ᠲᠣᠭᠲᠠᠭᠠᠬᠤ︾ ᠪᠠᠷᠢᠮᠵᠢᠶ ᠎ᠠ ᠱᠠᠭᠠᠷᠳᠠᠯᠭ᠎ᠠ ᠶᠢ ᠦᠨᠳᠦᠰᠦᠯᠡᠨ᠂ ᠮᠠᠲ᠋ᠧᠷᠢᠶᠠᠯ ᠤᠨ ᠪᠦᠷᠢᠨ ᠪᠦᠲᠦᠨ ᠴᠢᠨᠠᠷ ᠪᠠ ᠬᠢᠭᠰᠡᠨ ᠶᠠᠰᠤ ᠴᠢᠨᠠᠷ ᠤᠨ ᠲᠠᠯ᠎ᠠ ᠪᠠᠷ ᠰᠢᠯᠭᠠᠨ ᠦᠨᠡᠯᠡᠵᠦ᠂  ᠠᠩᠬ᠎ᠠ ᠬᠢᠨᠠᠯᠲᠠ ᠳᠤ ᠬᠢᠷᠢ ᠲᠡᠩᠴᠡᠭᠰᠡᠨ ᠦᠵᠡᠮᠵᠢ ᠶᠢᠨ ᠣᠷᠣᠨ ᠲᠤᠰᠬᠠᠶ ᠮᠡᠷᠭᠡᠵᠢᠯᠲᠡᠨ ᠤ ᠳᠤᠬᠠᠢ ᠶᠢᠨ ᠭᠠᠵᠠᠷ ᠲᠤ ᠨᠢ ᠬᠦᠷᠴᠦ ᠪᠠᠶᠢᠴᠠᠭᠠᠬᠤ ᠭᠤᠭᠴᠤᠭᠠᠨ ᠳᠤ ᠤᠷᠤᠨ᠎ᠠ᠃          ᠭᠤᠷᠪᠠ᠂ ᠲᠤᠬᠠᠶ ᠶᠢᠨ ᠲᠠᠯᠠᠪᠠᠶ ᠶᠢᠨ ᠰᠢᠯᠭᠠᠨ ᠲᠣᠭᠲᠠᠭᠠᠯᠲᠠ          ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠦᠵᠡᠮᠵᠢ ᠶᠢᠨ ᠣᠷᠣᠨ ᠤ ᠶᠠᠰᠤ ᠴᠢᠨᠠᠷ ᠤᠨ ᠵᠡᠷᠭᠡ ᠳᠡᠰ  ᠢ ᠦᠨᠡᠯᠡᠨ ᠲᠣᠭᠲᠠᠭᠠᠬᠤ ᠪᠠᠶᠢᠭᠤᠯᠤᠮᠵᠢ ᠠᠴᠠ ᠠᠩᠬᠠᠨ ᠤ ᠬᠢᠨᠠᠯᠲᠠ ᠳᠤ ᠬᠢᠷᠢ ᠲᠡᠩᠴᠡᠭᠰᠡᠨ ᠦᠵᠡᠮᠵᠢ ᠶᠢᠨ ᠣᠷᠣᠨ  ᠳᠤ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠲᠤᠬᠠᠶ ᠶᠢᠨ ᠭᠠᠵᠠᠷ  ᠲᠤ ᠨᠢ ᠦᠨᠡᠯᠡᠨ ᠲᠤᠭᠲᠠᠭᠠᠯᠲᠠ ᠬᠢᠯᠭᠡᠨ᠎ᠡ᠃          ᠳᠥᠷᠪᠡ᠂ ᠮᠠᠲ᠋ᠧᠷᠢᠶᠠᠯ ᠮᠡᠳᠡᠭᠦᠯᠦᠨ ᠬᠦᠷᠭᠡᠬᠦ ᠴᠠᠭ          ᠡᠯ᠎ᠡ ᠠᠶᠢᠮᠠᠭ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ 2020 ᠤᠨ 6  ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠮᠠᠲ᠋ᠧᠷᠢᠶᠠᠯ ᠢᠶᠠᠨ ᠳᠡᠭᠡᠭᠰᠢ ᠮᠡᠳᠡᠬᠦᠯᠬᠦ ᠬᠡᠷᠡᠭᠳᠡᠢ  ᠃ ᠬᠤᠭᠤᠴᠠᠭ᠎ᠠ  ᠥᠩᠭᠡᠷᠡᠪᠡᠯ ᠬᠠᠮᠢᠶ᠎ᠠ ᠪᠦᠬᠦᠢ ᠮᠠᠲ᠋ᠧᠷᠢᠶᠠᠯ ᠢ ᠬᠦᠯᠢᠶᠡᠨ ᠠᠪᠬᠤ ᠦᠭᠡᠢ᠃     ᠬᠠᠷᠢᠯᠴᠠᠬᠤ ᠬᠥᠮᠦᠨ᠄ ᠡᠬᠢ ᠪᠠᠶᠠᠯᠢᠭ ᠢ ᠨᠡᠭᠡᠭᠡᠨ ᠠᠰᠢᠭᠯᠠᠬᠤ ᠭᠠᠵᠠᠷ   ᠶᠠᠩ ᠲᠢᠩ    ᠬᠠᠷᠢᠯᠴᠠᠬᠤ ᠤᠲᠠᠰᠤ᠄ 0471 — 6945826     ᠣᠨᠴᠠᠭᠠᠶᠢᠯᠠᠨ ᠮᠡᠳᠡᠭᠳᠡᠪᠡ᠃                                             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                                         ᠰᠣᠶᠣᠯ ᠪᠠ ᠵᠢᠭᠤᠯᠴᠢᠯᠠᠯ ᠤᠨ ᠲᠢᠩᠬᠢᠮ                                                  2020 ᠣᠨ ᠤ 6 ᠳ᠋ᠤᠭᠠᠷ ᠰᠠᠷ᠎ᠠ ᠶᠢᠨ 15 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号