ᠳᠤᠮᠳᠠᠳᠤ ᠤᠷᠤᠰ ᠤᠨ ᠰᠣᠶᠣᠯ ᠢᠷᠭᠡᠨᠰᠢᠯ ᠤᠨ ᠬᠠᠮᠲᠤᠷᠠᠯᠴᠠᠭᠠᠨ ᠤ ᠵᠥᠪᠯᠡᠯ ᠤᠨ ᠵᠢᠭᠤᠯᠴᠢᠯᠠᠯ ᠤᠨ ᠬᠠᠮᠲᠤᠷᠠᠯᠴᠠᠭᠠᠨ ᠤ ᠬᠤᠪᠢᠶᠠᠷᠢ ᠵᠥᠪᠯᠡᠯ ᠤᠨ ᠠᠷᠪᠠᠨ ᠳᠣᠯᠣᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/7/10
     7 ᠳ᠋ᠤᠭᠠᠷ ᠰᠠᠷ᠎ᠠ ᠶᠢᠨ 2 ᠤᠨ ᠡᠳᠦᠷ᠂ ᠳᠤᠮᠳᠠᠳᠤ ᠣᠷᠣᠰ ᠤᠨ ᠰᠣᠶᠣᠯ ᠢᠷᠭᠡᠨᠰᠢᠯ ᠤᠨ ᠬᠠᠮᠲᠤᠷᠠᠯᠴᠠᠭᠠᠨ ᠤ ᠵᠥᠪᠯᠡᠯ ᠤᠨ ᠵᠢᠭᠤᠯᠴᠢᠯᠠᠯ ᠤᠨ ᠬᠠᠮᠲᠤᠷᠠᠯᠴᠠᠭᠠᠨ ᠤ ᠬᠤᠪᠢᠶᠠᠷᠢ ᠵᠥᠪᠯᠡᠯ ᠤᠨ ᠠᠷᠪᠠᠨ ᠳᠣᠯᠣᠳᠤᠭᠠᠷ ᠤᠳᠠᠭ᠎ᠠ ᠶᠢᠨ ᠬᠤᠷᠠᠯ ᠸᠢᠳᠢᠣ᠋ ᠬᠤᠷᠠᠯ ᠤᠨ ᠬᠡᠯᠪᠡᠷᠢ ᠪᠠᠷ ᠬᠤᠷᠠᠯᠳᠤᠪᠠ᠃ ᠳᠤᠮᠳᠠᠳᠤ ᠤᠯᠤᠰ ‍ᠤᠨ‌‍ᠰᠣᠶᠣᠯ ᠵᠢᠭᠤᠯᠴᠢᠯᠠᠯ ᠤᠨ ᠶᠠᠮᠤᠨ ᠤ ᠳᠡᠳ᠋ ᠰᠠᠶᠢᠳ ᠵᠠᠩ ᠰᠢᠤᠢ ᠪᠣᠯᠤᠨ ᠣᠷᠣᠰ ᠤᠨ ᠬᠤᠯᠪᠤᠭᠠᠨ ᠤ ᠵᠢᠭᠤᠯᠴᠢᠯᠠᠯ ᠤᠨ ᠵᠠᠬᠢᠷᠭ᠎ᠠ ᠶᠢᠨ ᠳᠠᠷᠤᠭ᠎ᠠ ᠲᠦᠸᠧᠭᠦᠽᠦᠸᠠ ᠬᠠᠮᠲᠤ ᠪᠠᠷ ᠬᠤᠷᠠᠯ ᠡᠷᠬᠢᠯᠡᠪᠡ᠃      ᠬᠤᠶᠠᠷ ᠲᠠᠯ᠎ᠠ ᠪᠠᠷ ᠢᠶᠠᠨ ᠬᠤᠪᠢᠶᠠᠷᠢ ᠵᠥᠪᠯᠡᠯ ᠤᠨ ᠠᠷᠪᠠᠨ ᠵᠢᠷᠭᠤᠳᠤᠭᠠᠷ ᠤᠳᠠᠭᠠᠨ ᠤ ᠬᠤᠷᠠᠯ ᠠᠴᠠ ᠨᠠᠭᠠᠰᠢᠬᠢ ᠬᠤᠶᠠᠷ ᠤᠯᠤᠰ ᠤᠨ ᠵᠢᠭᠤᠯᠴᠢᠯᠠᠯ ᠤᠨ ᠬᠦᠷᠢᠶᠡᠨ ᠤ ᠬᠠᠮᠵᠢᠯᠴᠠᠭᠠᠨ ᠤ ᠪᠠᠶᠢᠳᠠᠯ ᠢ ᠡᠷᠬᠢᠴᠡᠭᠦᠯᠦᠨ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠤ   ᠬᠢ ᠵᠢᠭᠤᠯᠴᠢᠯᠠᠯ ᠢ ᠲᠡᠳᠬᠦᠬᠦ ᠲᠥᠷᠥ ᠶᠢᠨ ᠪᠣᠳᠣᠯᠭ᠎ᠠ ᠪᠠ ᠢᠷᠡᠭᠡᠳᠦᠶ ᠶᠢᠨ ᠬᠠᠮᠲᠤᠷᠠᠯᠴᠠᠭ᠎ᠠ ᠵᠡᠷᠭᠡ ᠶᠢᠨ ᠲᠤᠬᠠᠶ ᠭᠦᠨᠵᠡᠭᠡᠶ ᠰᠣᠯᠢᠯᠴᠠᠭ᠎ᠠ ᠬᠢᠪᠡ᠃      ᠵᠠᠩ ᠰᠢᠤᠢ ᠶᠠᠷᠢᠶᠠᠨ ᠳᠤ ᠪᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ ᠳᠤᠮᠳᠠᠳᠤ ᠣᠷᠣᠰ ᠬᠤᠶᠠᠷ ᠲᠠᠯ᠎ᠠ ᠪᠠᠷ ᠢᠶᠠᠨ ᠢᠮᠠᠭᠲᠠ ᠬᠠᠷᠢᠯᠴᠠᠨ ᠬᠠᠷᠠᠭᠠᠯᠵᠠᠨ ᠬᠠᠪᠰᠤᠷᠤᠯᠴᠠᠵᠤ᠂ ᠰᠢᠨ᠎ᠡ ᠴᠠᠭ ᠦᠶ᠎ᠡ ᠶᠢᠨ ᠬᠤᠶᠠᠷ ᠤᠯᠤᠰ ᠤᠨ ᠥᠨᠳᠥᠷ ᠲᠦᠪᠰᠢᠨ ᠪᠦᠬᠦᠢ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭ᠎ᠠ ᠪᠠ ᠵᠣᠪᠠᠭᠤᠷᠢ ᠵᠦᠳᠡᠭᠦᠷᠢ ᠪᠠᠨ ᠬᠠᠮᠲᠤᠳᠬᠠᠭᠰᠠᠨ ᠭᠦᠨ ᠵᠤᠵᠠᠭᠠᠨ ᠨᠥᠬᠦᠷᠯᠡᠯ ᠢ ᠭᠦᠢᠴᠡᠳ ᠢᠯᠡᠷᠡᠭᠦᠯᠦᠭᠰᠡᠨ ᠪᠠᠶᠢᠨ᠎ᠠ ᠭᠡᠪᠡ᠃ ᠲᠡᠷᠡ ᠣᠳᠣᠬᠠᠨ ᠳᠤ ᠬᠤᠶᠠᠷ ᠲᠠᠯ᠎ᠠ ᠪᠠᠷ ᠢᠶᠠᠨ ᠬᠢᠵᠢᠭ ᠤᠨ ᠪᠠᠶᠢᠳᠠᠯ  ᠤᠨ ᠳᠠᠭᠠᠷᠢᠯᠲᠠ ᠶᠢ ᠠᠷᠭᠠᠴᠠᠬᠤ ᠪᠠᠷ ᠲᠣᠬᠢᠶᠠᠯ ᠪᠣᠯᠭᠠᠵᠤ᠂ ᠮᠡᠳᠡᠭᠡ ᠵᠠᠩᠭᠢ ᠶᠢᠨ ᠨᠡᠪᠲᠡᠷᠡᠯᠴᠡᠭᠡ ᠪᠣᠯᠤᠨ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠶᠢ ᠴᠢᠩᠭᠠᠳᠬᠠᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠮᠲᠤᠷᠠᠯᠴᠠᠭ᠎ᠠ ᠶᠢ ᠠᠬᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠭᠤᠰᠤᠯᠴᠠᠨ ᠬᠥᠭᠵᠢᠬᠦ ᠶᠢ ᠠᠬᠢᠭᠤᠯᠬᠤ ᠶᠢ ᠲᠤᠷᠠᠳᠴᠤ᠂ ᠣᠯᠠᠨ ᠶᠠᠩᠵᠤ ᠶᠢᠨ ᠬᠡᠯᠪᠡᠷᠢ ᠪᠦᠬᠦᠢ ᠳᠡᠯᠭᠡᠷᠡᠭᠦᠯᠬᠦ ᠠᠵᠢᠯᠯᠠᠭ᠎ᠠ ᠥᠷᠨᠢᠭᠦᠯᠬᠦ᠂ ᠵᠢᠭᠤᠯᠴᠢᠯᠠᠯ ᠤᠨ ᠠᠵᠤ ᠠᠬᠤᠶᠢᠯᠠᠯ ᠪᠣᠯᠤᠨ ᠦᠢᠯᠡᠴᠢᠯᠡᠭᠡᠨ‌‍ᠤ ᠠᠵᠢᠯ ᠲᠥᠷᠥᠯ ᠤᠨ ᠬᠠᠮᠵᠢᠯᠴᠠᠭ᠎ᠠ ᠪᠠᠨ  ᠴᠢᠩᠭᠠᠳᠬᠠᠬᠤ ᠶᠢ ᠵᠤᠷᠢᠭᠵᠢᠭᠤᠯᠬᠤ᠂ ᠣᠨᠴᠠᠯᠢᠭᠲᠤ ᠵᠢᠭᠤᠯᠴᠢᠯᠠᠯ ᠤᠨ ᠪᠦᠲᠦᠭᠡᠭᠳᠡᠬᠦᠨ ᠢ ᠬᠠᠮᠲᠤᠷᠠᠨ  ᠨᠡᠭᠡᠭᠡᠨ ᠬᠥᠭᠵᠢᠭᠦᠯᠬᠦ ᠶᠢ ᠴᠢᠩᠭᠠᠳᠬᠠᠬᠤ᠂ ᠵᠢᠭᠤᠯᠴᠢᠯᠠᠯ ᠤᠨ ᠬᠥᠭᠵᠢᠯᠲᠡ ᠶᠢᠨ ᠲᠤᠲᠤᠭᠠᠲᠤ ᠭᠠᠳᠠᠭᠠᠲᠤ ᠣᠷᠴᠢᠨ ᠢ ᠰᠢᠯᠢᠳᠡᠭᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠲᠠᠮᠵᠢᠭᠤᠯᠤᠨ ᠬᠤᠶᠠᠷ ᠲᠠᠯ᠎ᠠ ᠶᠢᠨ ᠵᠢᠭᠤᠯᠴᠢᠯᠠᠯ ᠤᠨ ᠠᠵᠢᠯ ᠲᠥᠷᠥᠯ ᠤᠨ ᠪᠦᠬᠦᠯᠢ ᠴᠣᠭᠴᠠ ᠶᠢᠨ ᠬᠢᠷᠢ ᠲᠦᠪᠰᠢᠨ ᠪᠠ ᠬᠥᠭᠵᠢᠯᠲᠡ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠭᠡᠪᠡ᠃      ᠲᠦᠸᠧᠭᠦᠽᠦᠸᠠ ᠳᠤᠮᠳᠠᠳᠤ ᠶᠢᠨ ᠲᠠᠯ᠎ᠠ ᠶᠢᠨ ᠵᠢᠭᠤᠯᠴᠢᠯᠠᠯ ᠤᠨ ᠬᠠᠮᠵᠢᠯᠴᠠᠭ᠎ᠠ ᠶᠢ ᠠᠬᠢᠭᠤᠯᠬᠤ ᠰᠠᠨᠠᠭᠤᠯᠭ᠎ᠠ  ᠶᠢ ᠲᠡᠮᠵᠢᠬᠦ ᠪᠠᠨ ᠢᠯᠡᠳᠭᠡᠪᠡ᠃ ᠲᠡᠷᠡ ᠣᠷᠣᠰ ᠤᠨ ᠲᠠᠯ᠎ᠠ ᠵᠢᠭᠤᠯᠴᠢᠯᠠᠯ ᠤᠨ ᠲᠣᠭᠠᠴᠢᠯᠠᠭᠰᠠᠨ ᠪᠠᠶᠢᠭᠤᠯᠤᠯᠲᠠ ᠶᠢ ᠴᠢᠩᠭᠠᠳᠬᠠᠨ᠂ ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠢ ᠲᠠᠲᠠᠵᠤ ᠤᠷᠤᠰ ᠤᠨ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠳᠤ ᠪᠡᠯᠡ ᠣᠷᠣᠭᠤᠯᠵᠤ᠂ ᠳᠤᠮᠳᠠᠳᠤ ᠤᠯᠤᠰ ᠤᠨ ᠵᠢᠭᠤᠯᠴᠢᠯᠠᠭᠴᠢᠳ ᠲᠤ ᠨᠡᠩ ᠤᠯᠠᠨ ᠲᠦᠬᠦᠮ ᠦᠵᠡᠭᠦᠯᠬᠦ ᠶᠢ ᠬᠦᠰᠡᠵᠦ ᠪᠠᠶᠢᠨ᠎ᠠ  ᠃ ᠬᠤᠶᠠᠷ ᠲᠠᠯ᠎ᠠ ᠪᠠᠷ ᠢᠶᠠᠨ ᠬᠢᠵᠢᠭ ᠤᠨ ᠨᠥᠯᠥᠭᠡᠯᠡᠯ ᠢ ᠬᠠᠮᠲᠤᠷᠠᠨ ᠠᠷᠭᠠᠴᠠᠵᠤ᠂ ᠬᠠᠷᠢᠯᠴᠠᠨ ᠬᠠᠪᠰᠤᠷᠤᠯᠴᠠᠨ ᠲᠡᠮᠵᠢᠵᠦ᠂ ᠬᠤᠶᠠᠷ ᠤᠯᠤᠰ ᠤᠨ ᠵᠢᠭᠤᠯᠴᠢᠯᠠᠯ ᠤᠨ ᠦᠢᠯᠡᠰ ᠢ ᠲᠦᠷᠭᠡᠨ ᠬᠥᠭᠵᠢᠭᠦᠯᠪᠡᠯ ᠵᠣᠬᠢᠨ᠎ᠠ ᠭᠡᠪᠡ᠃      ᠬᠤᠷᠠᠯ ᠤᠨ ᠳᠠᠷᠠᠭ᠎ᠠ᠂ ᠵᠠᠩ ᠰᠢᠤᠢ ᠪᠠ ᠲᠦᠸᠧᠭᠦᠽᠦᠸᠠ  ᠬᠠᠮᠲᠤ ᠪᠠᠷ ᠬᠤᠷᠠᠯ ᠤᠨ ᠲᠣᠪᠴᠢ ᠲᠡᠮᠳᠡᠭᠯᠡᠯ ᠳᠤ ᠭᠠᠷ ᠤᠨ ᠦᠰᠦᠭ ᠵᠢᠷᠤᠪᠠ᠃
 
ᠢᠷᠡᠯᠲᠡ᠄ ᠰᠣᠶᠣᠯ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号