ᠦᠪᠦᠷ ᠮᠣᠩᠭᠤᠯ᠄ ᠰᠣᠶᠣᠯ ᠬᠢᠭᠡᠳ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠳᠤ ᠳᠠᠬᠢᠨᠲᠠ ᠬᠦᠴᠦᠯᠡᠬᠦ ᠬᠡᠷᠡᠭᠲᠡᠶ — ᠦᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠡᠳ᠋ ᠳᠠᠷᠤᠭ᠎ᠠ ᠯᠢ ᠰᠢᠶᠤᠤ ᠴᠢᠦ ᠲᠠᠢ ᠬᠢᠭᠰᠡᠨ ᠲᠤᠰᠬᠠᠶ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2020/9/25
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠩᠭᠤᠵᠢᠭᠰᠠᠨ ᠰᠢᠨ᠎ᠡ ᠪᠠᠶᠢᠳᠠᠯ ᠳᠣᠣᠷ᠎ᠠ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠦᠬᠦ ᠬᠦᠴᠦᠨ ᠢᠶᠠᠷ ᠠᠬᠢᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠠᠯᠢ ᠣᠯᠠᠨ ᠠᠷᠭ᠎ᠠ ᠬᠡᠮᠵᠢᠶ᠎ᠡ  ᠪᠠᠨ ᠨᠠᠶᠢᠳᠠᠪᠦᠷᠢᠵᠢᠭᠤᠯᠵᠤ ᠪᠠᠶᠢᠨ᠎ᠠ  ᠃ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠢ ᠬᠥᠭᠵᠢᠭᠡᠬᠦ ᠲᠠᠯ᠎ᠠ ᠪᠠᠷ᠂ ︽ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠢᠵᠢᠭ ᠤᠨ ᠪᠠᠶᠢᠳᠠᠯ ᠤᠨ ᠨᠥᠯᠥᠭᠡ ᠶᠢ ᠢᠯᠠᠨ ᠳᠠᠪᠠᠵᠤ ᠬᠦᠭᠵᠢᠯᠲᠡ ᠪᠠᠨ ᠲᠦᠷᠭᠡᠳᠬᠡᠬᠦ ᠲᠤᠬᠠᠶ ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠵᠦ᠂ ᠡᠯ᠎ᠡ ᠱᠠᠲᠤᠨ ᠤ ᠤᠳᠤᠷᠢᠳᠤᠯᠭ᠎ᠠ ᠨᠢᠭᠡᠳᠦᠭᠡᠷ ᠹᠷᠣᠨᠲ ᠲᠤ ᠵᠢᠯᠣᠭᠤᠳᠴᠤ᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠣ᠂ ᠨᠠᠶᠢᠳᠠᠪᠦᠷᠢᠵᠢᠭᠤᠯᠤᠯᠲᠡ ᠶᠢ ᠬᠦᠴᠦᠲᠡᠶ ᠠᠳᠬᠤᠵᠣ ᠪᠠᠶᠢᠨ᠎ᠠ᠃ ᠣᠳᠣᠬᠠᠨ ᠳᠤ᠂ ᠪᠦᠬᠦᠯᠢ ᠴᠣᠭᠴᠠ ᠶᠢᠨ ᠪᠠᠶᠢᠳᠠᠯ ᠶᠠᠮᠠᠷ ᠵᠡᠷᠭᠡ ᠪᠠᠶᠢᠨ᠎ᠠ ᠪᠣᠶ︖ ᠢᠯᠠᠩᠭᠤᠶ᠎ᠠ ᠬᠢᠵᠢᠭ ᠤᠨ ᠪᠠᠶᠢᠳᠠᠯ ᠢ ᠠᠷᠭᠠᠴᠠᠬᠤ ᠪᠠ ᠰᠣᠶᠣᠯ ᠵᠢᠭᠤᠯᠴᠢᠯᠠᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠬᠦ ᠶᠢ ᠣᠷᠭᠠᠨᠢᠭ ᠢᠶᠠᠷ ᠵᠣᠯᠭᠠᠭᠤᠯᠬᠤ ᠲᠠᠯ᠎ᠠ ᠪᠠᠷ ᠶᠠᠮᠠᠷ ᠶᠠᠮᠠᠷ ᠮᠡᠳᠡᠭᠳᠡᠬᠦ᠋ᠢᠴᠡ ᠦᠷ᠎ᠡ ᠪᠦᠲᠦᠭᠡᠯ ᠪᠠ ᠪᠣᠯᠪᠠᠰᠤᠷᠠᠩᠭᠤᠶ ᠲᠤᠷᠰᠢᠯᠭ᠎ᠠ ᠪᠠᠶᠢᠬᠤ ᠪᠤᠢ︖ ᠡᠭᠦᠨ ᠤ ᠲᠤᠬᠠᠶ ᠠᠷᠠᠳ ᠤᠨ ᠰᠦᠯᠵᠢ