ᠮᠥᠩᠭᠦᠨ ᠭᠦᠶᠯᠭᠡᠭᠡᠨ ᠤ ᠳᠡᠮᠵᠢᠯᠭᠡ ᠲᠠᠢ ᠪᠠᠷ ᠰᠣᠶᠣᠯ ᠵᠢᠭᠤᠯᠴᠢᠯᠠᠯ ᠤᠨ ᠠᠵᠤ ᠦᠶᠯᠡᠰ ᠢ ᠬᠤᠷᠰᠢᠨ ᠬᠥᠭᠵᠢᠭᠦᠯᠦᠶ᠎ᠡ
ᠨᠡᠶᠢᠲᠡᠯᠡᠭᠰᠡᠨ ᠴᠠᠭ᠄
2021/1/29
     2020 ᠣᠨ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠣᠶᠣᠯ ᠵᠢᠭᠤᠯᠴᠢᠯᠠᠯ ᠬᠢᠭᠡᠳ ᠮᠥᠩᠭᠦᠨ ᠭᠦᠶᠯᠭᠡᠭᠡᠨ ᠤ ᠬᠤᠷᠰᠢᠯ ᠢ ᠤᠯᠠᠮ ᠨᠢᠭᠡ ᠠᠯᠬᠤᠮ ᠴᠢᠩᠭᠠᠳᠬᠠᠨ᠂ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠪᠠᠯᠠ ᠳᠣᠭᠢᠷᠠᠭᠤᠯᠬᠤ ᠠᠷᠭ᠎ᠠ ᠵᠠᠮ ᠢ ᠥᠷᠭᠡᠳᠬᠡᠵᠦ᠂ ᠰᠢᠯᠢᠳᠡᠭ ᠰᠣᠶᠣᠯ ᠵᠢᠭᠤᠯᠴᠢᠯᠠᠯ ᠤᠨ ᠲᠥᠷᠥᠯ ᠵᠦᠶᠯ ᠢ ᠪᠣᠳᠠᠲᠠᠶᠢᠵᠢᠭᠤᠯᠤᠨ ᠬᠡᠷᠡᠭᠵᠢᠭᠦᠯᠬᠦ ᠶᠢ ᠠᠬᠢᠭᠤᠯᠪᠠ᠃      ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠨᠢ ᠰᠣᠶᠣᠯ ᠵᠢᠭᠤᠯᠴᠢᠯᠠᠯ ᠮᠥᠩᠭᠦᠨ ᠭᠦᠶᠯᠭᠡᠭᠡᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠶᠯᠡᠳᠪᠦᠷᠢ ᠬᠤᠳᠠᠯᠳᠤᠭᠠᠨ ᠤ ᠪᠠᠩᠬᠢ ᠶᠢᠨ ᠥᠪᠥᠷ ᠮᠣᠩᠭᠤᠯ ᠳᠤ ᠬᠢ ᠬᠤᠪᠢᠶᠠᠷᠢ ᠪᠠᠩᠬᠢ ᠵᠡᠷᠭᠡ ᠲᠠᠢ《ᠰᠣᠶᠣᠯ ᠵᠢᠭᠤᠯᠴᠢᠯᠠᠯ ᠮᠥᠩᠭᠦᠨ ᠭᠦᠶᠯᠭᠡᠭᠡᠨ ᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ》 ᠢ ᠲᠣᠭᠲᠠᠭᠰᠠᠨ ᠪᠥᠭᠡᠳ ᠦᠶᠯᠡᠳᠪᠦᠷᠢ ᠬᠤᠳᠠᠯᠳᠤᠭᠠᠨ ᠤ ᠪᠠᠩᠬᠢ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠳᠤ ᠬᠢ ᠬᠤᠪᠢᠶᠠᠷᠢ ᠪᠠᠩᠬᠢ ᠵᠡᠷᠭᠡ ᠪᠠᠶᠢᠭᠤᠯᠤᠮᠵᠢ ᠯᠤᠭ᠎ᠠ ᠵᠠᠰᠠᠭ ᠪᠠᠩᠬᠢ ᠠᠵᠤ ᠠᠬᠤᠶᠢᠯᠠᠯ ᠤᠨ ᠠᠵᠢᠯ ᠤᠨ ᠵᠥᠪᠳᠡᠯᠴᠡᠬᠦ ᠬᠤᠷᠠᠯ ᠢ ᠬᠤᠷᠠᠯᠳᠤᠭᠤᠯᠵᠤ᠂ ᠰᠣᠶᠣᠯ ᠪᠠ ᠵᠢᠭᠤᠯᠴᠢᠯᠠᠯ ᠤᠨ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠵᠢᠴᠢ ᠠᠵᠤ ᠠᠬᠤᠶᠢᠯᠠᠯ ᠤᠨ ᠬᠦᠴᠢᠷᠳᠡᠯ ᠢ ᠰᠢᠶᠳᠪᠦᠷᠢᠯᠡᠬᠦ ᠵᠡᠷᠭᠡ ᠲᠥᠰᠦᠯ ᠢ ᠬᠠᠮᠲᠤ ᠪᠠᠷ ᠵᠥᠪᠳᠡᠯᠴᠡᠪᠡ᠃ ᠰᠣᠶᠣᠯ ᠵᠢᠭᠤᠯᠴᠢᠯᠠᠯ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠪᠠ ᠳᠤᠮᠳᠠ ᠪᠠᠭ᠎ᠠ ᠵᠢᠵᠢᠭ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠶᠢ ᠳᠡᠮᠵᠢᠬᠦ  ᠶᠢᠨ ᠲᠥᠯᠥᠭᠡ᠂ ᠵᠢᠯ ᠤᠨ ᠡᠬᠢᠨ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ 2020 ᠣᠨ ᠤ ᠪᠥᠬᠦ ᠣᠷᠣᠨ ᠤ ᠪᠠᠯᠠ ᠲᠣᠬᠢᠷᠠᠭᠤᠯᠭ᠎ᠠ ᠶᠢᠨ ᠵᠢᠭᠡᠯᠡᠯᠭᠡ ᠶᠢᠨ ᠲᠥᠷᠥᠯ ᠵᠦᠶᠯ ᠢ ᠪᠠᠶᠢᠴᠠᠭᠠᠨ ᠰᠤᠳᠤᠯᠵᠦ᠂ ᠪᠥᠬᠦ ᠲᠠᠯ᠎ᠠ ᠪᠠᠷ ᠪᠠᠶᠢᠳᠠᠯ ᠢ ᠣᠶᠢᠯᠠᠭᠠᠭᠰᠠᠨ ᠪᠠ ᠪᠠᠶᠢᠴᠠᠭᠠᠭᠰᠠᠨ ᠢᠶᠠᠨ ᠬᠤᠷᠢᠶᠠᠩᠭᠤᠶᠢᠯᠠᠭᠠᠳ ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ ᠲᠠᠢ ᠲᠥᠷᠥᠯ ᠵᠦᠶᠯ ᠢ 88᠂ ᠲᠥᠷᠥᠯ ᠵᠦᠶᠯ ᠤᠨ ᠪᠠᠯᠠ ᠣᠷᠣᠭᠤᠯᠤᠯᠲᠠ 306 . 9 ᠳ᠋ᠦᠩᠰᠢᠭᠤᠷ ᠲᠥᠭᠦᠷᠢᠭ᠂ ᠡᠭᠦᠨ ᠤ ᠳᠣᠲᠤᠷ᠎ᠠ ᠵᠢᠭᠡᠯᠡᠯᠭᠡ ᠶᠢᠨ ᠬᠡᠷᠡᠭᠴᠡᠭᠡ 69 . 3 ᠳ᠋ᠦᠩᠰᠢᠭᠤᠷ ᠲᠥᠭᠦᠷᠢᠭ ᠪᠠᠶᠢᠭ᠎ᠠ ᠶᠢ ᠡᠮᠬᠢᠯᠡᠵᠦ ᠭᠠᠷᠭᠠᠵᠠᠢ᠃ ᠡᠨᠡ ᠰᠠᠭᠤᠷᠢᠨ ᠳᠡᠭᠡᠷ᠎ᠡ᠂ 7 ᠳ᠋ᠤᠭᠠᠷ ᠰᠠᠷ᠎ᠠ—10 ᠳ᠋ᠤᠭᠠᠷ ᠰᠠᠷ᠎ᠠ ᠬᠦᠷᠲᠡᠯ᠎ᠡ᠂ ᠬᠦᠴᠦ ᠪᠠᠨ ᠲᠥᠪᠯᠡᠷᠡᠭᠦᠯᠦᠨ᠂ ᠦᠨᠳᠦᠷ ᠨᠢᠭᠲᠠᠴᠠ ᠲᠠᠢ ᠵᠠᠯᠭᠠᠭ᠎ᠠ ᠪᠠᠷ ᠬᠥᠬᠡᠬᠤᠲᠠ᠂ ᠤᠯᠠᠭᠠᠨᠬᠠᠳᠠ ᠬᠤᠲᠠ᠂ ᠲᠦᠩᠯᠢᠶᠣᠤ ᠬᠤᠲᠠ᠂ ᠪᠤᠭᠤᠲᠤ ᠬᠤᠲᠠ᠂ ᠪᠠᠶᠠᠨᠨᠠᠭᠤᠷ ᠬᠤᠲᠠ᠂ ᠠᠯᠠᠱᠠ ᠠᠶᠢᠮᠠᠭ ᠲᠤ 6 ᠤᠳᠠᠭᠠᠨ ᠤ ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠪᠠᠯᠠ ᠲᠣᠬᠢᠷᠠᠭᠤᠯᠭ᠎ᠠ ᠶᠢᠨ ᠲᠥᠷᠥᠯ ᠵᠦᠶᠯ ᠢ ᠵᠣᠯᠭᠠᠭᠤᠯᠬᠤ ᠬᠤᠷᠠᠯ ᠢ ᠬᠤᠷᠠᠯᠳᠤᠭᠤᠯᠵᠤ᠂ ᠡᠯ᠎ᠡ ᠮᠥᠩᠭᠦᠨ ᠭᠦᠶᠯᠭᠡᠭᠡᠨ ᠤ ᠪᠠᠶᠢᠭᠤᠯᠤᠮᠵᠢ ᠳᠤ ᠮᠠᠨ ᠤ ᠣᠷᠣᠨ ᠤ ᠰᠣᠶᠣᠯ ᠵᠢᠭᠤᠯᠴᠢᠯᠠᠯ ᠤᠨ ᠪᠠᠯᠠ ᠲᠣᠬᠢᠷᠠᠭᠤᠯᠭ᠎ᠠ ᠶᠢᠨ ᠲᠥᠷᠥᠯ ᠵᠦᠶᠯ ᠢ ᠲᠠᠨᠢᠯᠴᠠᠭᠤᠯᠤᠨ᠂ ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠪᠠᠯᠠ ᠲᠣᠬᠢᠷᠠᠭᠤᠯᠭ᠎ᠠ ᠶᠢᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ  ᠶᠢ ᠪᠥᠬᠦ ᠬᠦᠴᠦᠨ ᠢᠶᠠᠷ ᠳᠥᠯᠭᠢᠨ ᠠᠬᠢᠭᠤᠯᠪᠠ᠃      2020 ᠣᠨ ᠳᠤ᠂ ᠵᠠᠰᠠᠭ ᠪᠠᠩᠬᠢ ᠠᠵᠤ ᠠᠬᠤᠶᠢᠯᠠᠯ ᠤᠨ ᠬᠠᠮᠲᠤᠷᠠᠯᠴᠠᠭ᠎ᠠ ᠪᠤᠲᠠᠲᠠᠢ ᠦᠷ᠎ᠡ ᠪᠦᠲᠦᠮᠵᠢ ᠤᠯᠪᠠ᠃ ᠵᠢᠭᠡᠯᠡᠯᠭᠡ ᠶᠢᠨ ᠳᠠᠮ ᠬᠦᠦ ᠶᠢᠨ ᠠᠷᠭ᠎ᠠ ᠶᠢ ᠲᠣᠭᠲᠠᠭᠠᠵᠤ᠂ ᠰᠣᠶᠣᠯ ᠵᠢᠭᠤᠯᠴᠢᠯᠠᠯ ᠤᠨ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠰᠣᠶᠣᠯ ᠵᠢᠭᠤᠯᠴᠢᠯᠠᠯ ᠤᠨ 25 ᠲᠥᠷᠥᠯ ᠵᠦᠢᠯ ᠨᠢ ᠭᠦᠢᠯᠭᠡᠭᠡᠨ ᠤ ᠪᠡᠯᠡ ᠮᠥᠩᠭᠦ ᠶᠢᠨ ᠵᠢᠭᠡᠯᠡᠯᠭᠡ ᠶᠢᠨ ᠳᠠᠮ ᠬᠦᠦ ᠶᠢᠨ ᠲᠤᠰᠠᠯᠠᠮᠵᠢ ᠶᠢ ᠣᠯᠵᠠᠢ᠃ ᠳᠤᠮᠳᠠᠳᠤ ᠤᠯᠤᠰ ᠤᠨ ᠪᠠᠩᠬᠢ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ᠂ ᠥᠪᠥᠷ ᠮᠣᠩᠭᠤᠯ  ᠤᠨ ᠪᠠᠩᠬᠢ᠂ ᠠᠵᠤ ᠦᠶᠯᠡᠳᠪᠦᠷᠢ ᠬᠤᠳᠠᠯᠳᠤᠭᠠᠨ ᠤ ᠪᠠᠩᠬᠢ ᠶᠢᠨ ᠥᠪᠥᠷ ᠮᠣᠩᠭᠤᠯ ᠳᠤ ᠬᠢ ᠬᠤᠪᠢᠶᠠᠷᠢ ᠪᠠᠩᠬᠢ ᠵᠡᠷᠭᠡ ᠮᠥᠩᠭᠦᠨ ᠭᠦᠶᠯᠭᠡᠭᠡᠨ ᠤ ᠪᠠᠶᠢᠭᠤᠯᠤᠮᠵᠢ ᠨᠤᠭᠤᠳ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠲᠠᠢ ᠨᠢᠭᠲᠠ ᠬᠠᠮᠲᠤᠷᠠᠯᠴᠠᠵᠤ᠂ ᠪᠥᠬᠦ ᠣᠷᠣᠨ ᠤ ᠰᠣᠶᠣᠯ ᠵᠢᠭᠤᠯᠴᠢᠯᠠᠯ ᠤᠨ ᠲᠥᠷᠥᠯ ᠵᠦᠶᠯ 73᠂ ᠪᠠᠯᠠ ᠲᠣᠬᠢᠷᠠᠭᠤᠯᠭ᠎ᠠ ᠶᠢᠨ ᠵᠣᠭᠤᠰ ᠤᠨ ᠲᠤᠭ᠎ᠠ 18 . 1 ᠳ᠋ᠦᠩᠰᠢᠭᠤᠷ ᠲᠥᠭᠦᠷᠢᠭ ᠢ ᠬᠢᠨᠠᠨ ᠵᠥᠪᠰᠢᠶᠡᠷᠡᠵᠦ ᠪᠠᠲᠤᠯᠠᠪᠠ᠃ ᠤᠯᠠᠭᠠᠨᠬᠠᠳᠠ ᠶᠢᠨ ᠨᠢᠩᠴᠧᠩ ᠰᠢᠶᠠᠨ ᠤ ᠪᠤᠷᠬᠠᠨ ᠪᠤᠯᠠᠭ ᠤᠨ ᠣᠨᠴᠠᠯᠢᠭᠲᠤ ᠵᠢᠵᠢᠭ ᠪᠠᠯᠭᠠᠰᠤ᠂ ᠣᠷᠳᠣᠰ ᠤᠨ ᠪᠦᠷᠢᠶ᠎ᠡ ᠮᠠᠩᠬ᠎ᠠ ᠶᠢᠨ ᠦᠵᠡᠮᠵᠢ ᠶᠢᠨ ᠣᠷᠣᠨ᠂ ᠤᠯᠠᠭᠠᠨᠴᠠᠪ ᠤᠨ ᠹᠧᠩᠵᠧᠨ ᠬᠤᠲᠠ  ᠶᠢᠨ ᠯᠦᠩ ᠱᠧᠩ ᠵᠤᠸᠠᠩ ᠤᠨ ᠨᠢᠭᠡᠳᠦᠭᠡᠷ ᠬᠤᠭᠤᠴᠠᠭ᠎ᠠ᠂ ᠥᠪᠥᠷ ᠮᠣᠩᠭᠤᠯ ᠤᠨ ᠰᠢᠨ᠎ᠡ ᠵᠠᠭᠤᠨ ᠤ ᠺᠠᠩ ᠬᠤᠢ ᠣᠯᠠᠨ ᠤᠯᠤᠰ ᠤᠨ ᠵᠢᠭᠤᠯᠴᠢᠯᠠᠯ ᠤᠨ ᠬᠤᠷᠢᠶᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠮᠠᠨᠵᠤᠤᠷ ᠪᠣᠭᠤᠮᠲᠠ  ᠶᠢᠨ ᠬᠡᠦᠬᠡᠯᠳᠡᠢ ᠶᠢᠨ ᠦᠵᠡᠮᠵᠢ ᠶᠢᠨ ᠣᠷᠣᠨ ᠵᠡᠷᠭᠡ ᠲᠥᠷᠥᠯ ᠵᠦᠢᠯ ᠳᠡᠮᠵᠢᠯᠭᠡ ᠣᠯᠪᠠ᠃  ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠬᠢᠭᠡᠳ ᠠᠵᠤ ᠦᠶᠯᠡᠳᠪᠦᠷᠢ ᠬᠤᠳᠠᠯᠳᠤᠭᠠᠨ ᠤ ᠪᠠᠩᠬᠢ ᠬᠤᠷᠰᠢᠨ᠂ ᠤᠯᠠᠭᠠᠨᠬᠠᠳᠠ ᠶᠢᠨ ᠳ᠋ᠤᠤ ᠰᠢᠤᠢ ᠭᠧᠦ ᠶᠢᠨ ᠣᠶᠤᠨᠲᠤ ᠦᠵᠡᠮᠵᠢ ᠶᠢᠨ ᠣᠷᠣᠨ ᠤ ᠲᠥᠷᠦᠯ ᠵᠦᠢᠯ᠂ ᠽᠢ ᠮᠧᠩ ᠬᠤ᠋ ᠨᠠᠭᠤᠷ ᠤᠨ ᠣᠶᠤᠨᠲᠤ ᠦᠵᠡᠮᠵᠢ ᠶᠢᠨ ᠣᠷᠣᠨ ᠤ ᠲᠥᠷᠥᠯ ᠵᠦᠶᠯ᠂ ᠢᠦᠢ ᠯᠦᠩ ᠡᠯᠡᠰᠦᠨ ᠨᠠᠭᠤᠷ ᠤᠨ ᠤᠶᠤᠨᠲᠤ ᠦᠵᠡᠮᠵᠢ ᠶᠢᠨ ᠣᠷᠣᠨ ᠤ ᠲᠥᠷᠥᠯ ᠵᠦᠶᠯ᠂ ᠮᠠ ᠠᠨ ᠱᠠᠨ ᠤ ᠣᠶᠤᠨᠲᠤ ᠦᠵᠡᠮᠵᠢ ᠶᠢᠨ ᠣᠷᠣᠨ ᠤ ᠲᠥᠷᠥᠯ ᠵᠦᠶᠯ᠂ ᠣᠷᠳᠣᠰ ᠤᠨ ᠲᠠᠯ᠎ᠠ ᠨᠤᠲᠤᠭ ᠤᠨ ᠣᠶᠤᠨᠲᠤ ᠦᠵᠡᠮᠵᠢ  ᠶᠢᠨ ᠣᠷᠣᠨ ᠤ ᠲᠥᠷᠥᠯ ᠵᠦᠶᠯ᠂ ᠤᠯᠠᠭᠠᠨᠴᠠᠪ ᠤᠨ ᠤᠯᠠᠭᠠᠨ ᠵᠣᠤ ᠶᠢᠨ ᠵᠢᠦ ᠯᠦᠩ ᠸᠠᠨ ᠤ ᠤᠶᠤᠨᠲᠤ ᠦᠵᠡᠮᠵᠢ  ᠶᠢᠨ ᠣᠷᠣᠨ ᠤ ᠲᠥᠷᠥᠯ ᠵᠦᠶᠯ᠂ ᠪᠤᠭᠤᠲᠤ ᠶᠢᠨ ᠮᠠᠶᠢᠳᠠᠷᠢ ᠵᠣᠣ ᠶᠢᠨ ᠣᠶᠤᠨᠲᠤ ᠦᠵᠡᠮᠵᠢ ᠶᠢᠨ ᠣᠷᠣᠨ ᠤ ᠲᠦᠷᠦᠯ ᠵᠦᠢᠯ᠂ ᠮᠡᠷᠭᠡᠨ ᠣᠶᠤᠨᠲᠤ ᠦᠵᠡᠮᠵᠢ ᠶᠢᠨ ᠣᠷᠣᠨ ᠤ ᠲᠥᠷᠥᠯ ᠵᠦᠶᠯ᠂ ᠲᠤᠤ ᠮᠠ ᠭᠸᠦ ᠣᠶᠤᠨᠲᠤ ᠦᠵᠡᠮᠵᠢ ᠶᠢᠨ ᠣᠷᠣᠨ ᠤ ᠲᠥᠷᠥᠯ ᠵᠦᠶᠯ ᠵᠡᠷᠭᠡ 9 ᠲᠥᠷᠥᠯ ᠵᠦᠶᠯ ᠢ ᠭᠤᠣᠯᠳᠠᠯᠭ᠎ᠠ ᠲᠠᠢ ᠳᠠᠮᠵᠢᠨ᠎ᠠ᠂ ᠳᠡᠮᠵᠢᠬᠦ ᠮᠥᠩᠭᠦ ᠨᠢ ᠨᠡᠶᠢᠲᠡ 675 ᠲᠦᠮᠡᠨ ᠲᠥᠭᠦᠷᠢᠭ ᠲᠤ ᠬᠦᠷᠦᠨ᠎ᠡ᠃ ᠳᠡᠮᠵᠢᠬᠦ ᠠᠭᠤᠯᠭ᠎ᠠ ᠳᠤ ᠨᠢ ᠪᠢᠯᠧᠲ ᠬᠤᠳᠠᠯᠳᠤᠬᠤ ᠲᠥᠬᠦᠭᠡᠷᠦᠮᠵᠢ᠂ ᠪᠢᠯᠧᠲ ᠰᠢᠯᠭᠠᠬᠤ ᠮᠠᠰᠢᠨ᠂ ᠬᠢᠨᠠᠨ ᠡᠵᠡᠮᠰᠢᠬᠦ ᠲᠥᠬᠦᠭᠡᠷᠦᠮᠵᠢ ᠵᠡᠷᠭᠡ ᠬᠠᠲᠠᠭᠤ ᠲᠣᠨᠤᠭ ᠲᠥᠬᠦᠭᠡᠷᠦᠮᠵᠢ᠂ ᠵᠢᠴᠢ ᠪᠢᠯᠧᠲ ᠬᠤᠳᠠᠯᠳᠤᠬᠤ ᠰᠢᠰᠲ᠋ᠧᠮ᠂ ᠪᠠᠭᠤᠳᠠᠯ ᠤᠨ ᠬᠠᠮᠢᠶᠠᠷᠤᠯᠲᠠ ᠶᠢᠨ ᠰᠢᠰᠲ᠋ᠧᠮ ᠂ ᠣᠶᠤᠨᠲᠤ ᠢᠳᠡᠭᠡᠨ ᠤᠮᠳᠠᠭᠠᠨ ᠤ ᠰᠢᠰᠲ᠋ᠧᠮ᠂ ᠤᠶᠤᠨᠲᠤ ᠲᠡᠷᠭᠡ ᠵᠣᠭᠰᠣᠬᠤ ᠰᠢᠰᠲ᠋ᠧᠮ ᠵᠡᠷᠭᠡ ᠤᠶᠤᠨᠲᠤ ᠦᠵᠡᠮᠵᠢ ᠶᠢᠨ ᠣᠷᠣᠨ ᠤ ᠡᠭᠦᠯᠡᠨ ᠲᠠᠪᠴᠠᠩ ᠤᠨ ᠵᠥᠭᠡᠯᠡᠨ ᠲᠣᠨᠤᠭ ᠲᠥᠬᠦᠭᠡᠷᠦᠮᠵᠢ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠪᠢᠳᠡ ᠰᠣᠶᠣᠯ ᠵᠢᠭᠤᠯᠴᠢᠯᠠᠯ ᠮᠥᠩᠭᠦᠨ ᠭᠦᠶᠯᠭᠡᠭᠡᠨ ᠤ ᠬᠤᠷᠰᠢᠯᠴᠠᠭ᠎ᠠ ᠬᠢᠭᠡᠳ ᠮᠥᠩᠭᠦᠨ ᠭᠦᠶᠯᠭᠡᠭᠡᠨ ᠤ ᠣᠷᠣᠭᠤᠯᠤᠯᠲᠠ ᠪᠠᠨ ᠦᠷᠭᠦᠯᠵᠢᠯᠡᠨ ᠡᠷᠴᠢᠮᠵᠢᠭᠦᠯᠵᠦ᠂ ᠰᠣᠶᠣᠯ ᠵᠢᠭᠤᠯᠴᠢᠯᠠᠯ ᠮᠥᠩᠭᠦᠨ ᠭᠦᠶᠯᠭᠡᠭᠡᠨ ᠤ ᠲᠥᠷᠥ ᠶᠢᠨ ᠪᠣᠳᠣᠯᠭ᠎ᠠ ᠶᠢ  ᠲᠡᠭᠦᠯᠳᠡᠷᠵᠢᠭᠦᠯᠦᠨ᠂ ᠰᠣᠶᠣᠯ ᠵᠢᠭᠤᠯᠴᠢᠯᠠᠯ ᠤᠨ ᠠᠵᠤ ᠦᠶᠯᠡᠰ ᠢ ᠠᠭᠤᠰᠤᠯᠴᠠᠭᠤᠯᠬᠤ᠂ ᠰᠢᠯᠢᠳᠡᠭ ᠢ ᠨᠢ ᠰᠣᠩᠭᠤᠨ ᠲᠠᠨᠢᠯᠴᠠᠭᠤᠯᠬᠤ᠂ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠲᠠᠰ ᠳᠡᠪᠰᠢᠭᠦᠯᠬᠦ᠂ ᠰᠣᠶᠣᠯ ᠵᠢᠭᠤᠯᠴᠢᠯᠠᠯ ᠤᠨ ᠣᠯᠠᠨ ᠨᠡᠶᠢᠲᠡ ᠶᠢᠨ ᠦᠶᠯᠡᠴᠢᠯᠡᠭᠡ ᠵᠡᠷᠭᠡ ᠲᠠᠯ᠎ᠠ ᠪᠠᠷ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠶᠯᠭᠡᠭᠡᠨ ᠤ ᠪᠠᠶᠢᠭᠤᠯᠤᠮᠵᠢ ᠲᠠᠢ ᠭᠦᠨ ᠲᠠᠰ ᠳᠠᠪᠬᠤᠷᠭ᠎ᠠ ᠲᠠᠢ᠂ ᠣᠯᠠᠨ ᠠᠷᠭ᠎ᠠ ᠵᠠᠮ ᠢᠶᠠᠷ   ᠬᠤᠷᠰᠢᠯᠴᠠᠭ᠎ᠠ ᠥᠷᠨᠢᠭᠦᠯᠵᠦ᠂ ᠰᠢᠨ᠎ᠡ ᠶᠢ ᠡᠭᠦᠳᠬᠦ ᠬᠥᠭᠵᠢᠯᠲᠡ ᠶᠢᠨ ᠠᠷᠭ᠎ᠠ ᠵᠠᠮ ᠢ ᠬᠠᠮᠲᠤ ᠪᠠᠷ ᠰᠦᠪᠡᠭᠴᠢᠯᠡᠨ᠂ ᠮᠠᠨ ᠤ ᠣᠷᠣᠨ ᠤ ᠰᠣᠶᠣᠯ ᠪᠠ ᠵᠢᠭᠤᠯᠴᠢᠯᠠᠯ ᠤᠨ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠠᠬᠢᠭᠤᠯᠬᠤ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号