ᠬᠥᠬᠡᠬᠤᠲᠠ ᠶᠢᠨ ︽ᠴᠡᠯᠡᠭᠡᠷ ᠲᠠᠯ᠎ᠠ ᠶᠢᠨ ᠦᠨᠦᠷ ᠠᠮᠲᠠ︾ ᠪᠣᠳᠠᠰ ᠤᠨ ᠪᠤᠰᠤ ᠰᠣᠶᠣᠯ ᠤᠨ ᠥᠪ ᠶᠤᠤᠮᠠᠶ ᠶᠢᠨ ᠭᠤᠯᠢᠷ ᠬᠢᠬᠦ ᠤᠷ᠎ᠠ ᠮᠡᠷᠭᠡᠵᠢᠯ ᠤᠨ ᠠᠳᠠᠯᠢᠳᠬᠠᠨ ᠰᠢᠯᠭᠠᠷᠠᠭᠤᠯᠬᠤ ᠦᠵᠡᠭᠦᠯᠭᠡ ᠵᠢᠴᠢ ᠵᠠᠭᠤᠨ ᠬᠥᠮᠦᠨ ᠵᠠᠭᠤᠨ ᠳᠤᠭᠤᠶᠢᠯᠠᠩ ᠤᠨ ︽ᠨᠠᠰᠤᠲᠠᠨ ᠢᠶᠠᠨ ᠬᠦᠨᠳᠦᠯᠡᠵᠦ  ᠡᠴᠢᠭᠡ ᠡᠬᠡ ᠪᠠᠨ ᠠᠴᠢᠯᠠᠬᠤ︾ ᠲᠣᠬᠤᠨᠢᠭᠤᠯᠬᠤ ᠠᠵᠢᠯᠯᠠᠭ᠎ᠠ
ᠨᠡᠶᠢᠲᠡᠯᠡᠭᠰᠡᠨ ᠴᠠᠭ᠄
2021/10/20
     10 ᠳ᠋ᠤᠭᠠᠷ ᠰᠠᠷ᠎ᠠ ᠶᠢᠨ 13 ᠤ ᠡᠳᠦᠷ᠂ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ᠂ ᠤᠨᠴᠠᠯᠢᠭᠲᠤ ᠠᠵᠤ ᠦᠶᠯᠡᠰ ᠲᠠᠢ ᠬᠤᠯᠪᠣᠭᠠᠯᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠴᠡᠯᠡᠭᠡᠷ ᠲᠠᠯ᠎ᠠ ᠶᠢᠨ ᠦᠨᠦᠷ ᠠᠮᠲᠠ︾ ᠪᠣᠳᠠᠰ ᠤᠨ ᠪᠤᠰᠤ ᠰᠣᠶᠣᠯ ᠤᠨ ᠥᠪ ᠶᠤᠤᠮᠠᠶ ᠶᠢᠨ ᠭᠤᠯᠢᠷ ᠬᠢᠬᠦ ᠤᠷ᠎ᠠ ᠮᠡᠷᠭᠡᠵᠢᠯ ᠢ ᠠᠳᠠᠯᠢᠳᠬᠠᠨ ᠰᠢᠯᠭᠠᠷᠠᠭᠤᠯᠬᠤ ᠦᠵᠡᠭᠦᠯᠭᠡ ᠵᠢᠴᠢ ᠵᠠᠭᠤᠨ ᠬᠥᠮᠦᠨ ᠵᠠᠭᠤᠨ ᠳᠤᠭᠤᠶᠢᠯᠠᠩ ᠤᠨ ︽ᠨᠠᠰᠤᠲᠠᠨ ᠢᠶᠠᠨ ᠬᠦᠨᠳᠦᠯᠡᠵᠦ ᠡᠴᠢᠭᠡ ᠡᠬᠡ ᠪᠠᠨ ᠠᠴᠢᠯᠠᠬᠤ︾ ᠲᠣᠬᠤᠨᠢᠭᠤᠯᠬᠤ ᠠᠵᠢᠯᠯᠠᠭ᠎ᠠ ᠬᠥᠬᠡᠬᠤᠲᠠ ᠶᠢᠨ ᠦᠴᠤᠸᠠᠨ ᠰᠢᠶᠠᠨ  ᠤ ᠴᠧᠨ ᠶᠤᠸᠠᠢ ᠬᠤᠸᠠᠨ ᠴᠢᠯᠠᠭᠤᠨ ᠲᠡᠭᠡᠷᠮ᠎ᠡ ᠢᠶᠠᠷ ᠶᠤᠤᠮᠠᠢ ᠶᠢᠨ ᠭᠤᠯᠢᠷ ᠲᠠᠯᠠᠭᠳᠠᠬᠤ ᠪᠤᠳᠠᠰ ᠤᠨ ᠪᠤᠰᠤ ᠰᠣᠶᠣᠯ  ᠤᠨ ᠥᠪ ᠤᠨ ᠦᠶᠯᠡᠳᠬᠡᠯ ᠤᠨ ᠭᠠᠵᠠᠷ ᠪᠠ ᠤᠯᠠᠮᠵᠢᠯᠠᠨ ᠰᠤᠷᠬᠤ ᠰᠠᠭᠤᠷᠢᠨ ᠭᠠᠵᠠᠷ ᠲᠤ ᠶᠠᠪᠤᠭᠳᠠᠵᠤ᠂ ᠦᠴᠤᠸᠠᠨ ᠰᠢᠶᠠᠨ ᠤ ᠶᠤᠤᠮᠠᠶ ᠶᠢᠨ ᠭᠤᠯᠢᠷ ᠬᠢᠬᠦ ᠤᠷ᠎ᠠ ᠮᠡᠷᠭᠡᠵᠢᠯ ᠤᠨ 16 ᠤᠯᠠᠮᠵᠢᠯᠠᠭᠴᠢ ᠲᠤᠬᠠᠶ ᠶᠢᠨ ᠲᠠᠯᠠᠪᠠᠶ  ᠳᠤ ᠶᠤᠤᠮᠠᠶ ᠶᠢᠨ ᠭᠤᠯᠢᠷ ᠬᠢᠬᠦ ᠤᠷ᠎ᠠ ᠮᠡᠷᠭᠡᠵᠢᠯ ᠢ ᠦᠵᠡᠭᠦᠯᠵᠦ᠂ ᠶᠤᠤᠮᠠᠶ ᠶᠢᠨ ᠭᠤᠯᠢᠷ ᠤᠨ ᠠᠮᠲᠠᠲᠤ ᠢᠳᠡᠭᠡᠨ ᠢ 20 ᠭᠠᠷᠤᠶ ᠵᠦᠶᠯ ᠬᠢᠵᠦ᠂ ᠪᠣᠳᠠᠰ ᠤᠨ ᠪᠤᠰᠤ ᠰᠣᠶᠣᠯ ᠤᠨ ᠤᠷ᠎ᠠ ᠮᠡᠷᠭᠡᠵᠢᠯ ᠢ ᠳᠡᠯᠭᠡᠨ ᠦᠵᠡᠭᠦᠯᠬᠦ ᠶᠢᠨ ᠬᠠᠮᠲᠤ᠂ ᠦᠴᠦᠸᠠᠨ ᠰᠢᠶᠠᠨ ᠤ ᠶᠤᠤᠮᠠᠢ ᠶᠢᠨ ᠭᠤᠯᠢᠷ᠂ ᠲᠦᠮᠦᠰᠦ ᠪᠠᠷ ᠲᠦᠯᠦᠭᠡᠯᠡᠭᠦᠯᠦᠭᠰᠡᠨ ᠤᠨᠴᠠᠯᠢᠭᠲᠤ ᠦᠢᠯᠡᠳᠬᠦᠨ ᠢ ᠳᠡᠯᠭᠡᠨ ᠦᠵᠡᠭᠦᠯᠪᠡ᠃
     10 ᠳ᠋ᠤᠭᠠᠷ ᠰᠠᠷ᠎ᠠ ᠶᠢᠨ 14 ᠤ ᠡᠳᠦᠷ ᠪᠣᠯ ᠶᠢᠰᠦᠨ ᠰᠠᠷ᠎ᠠ ᠶᠢᠨ ᠶᠢᠰᠦᠨ ᠤ ᠪᠠᠶᠠᠷ ᠮᠥᠨ᠂ ᠳᠤᠮᠳᠠᠳᠤ  ᠶᠢᠨ ᠤᠯᠠᠮᠵᠢᠯᠠᠯᠲᠤ ᠪᠠᠶᠠᠷ ᠤᠨ ᠡᠳᠦᠷ ᠮᠥᠨ᠂ ᠪᠠᠰᠠ ᠴᠤ ᠳᠤᠮᠳᠠᠳᠤ ᠤᠯᠤᠰ ᠤᠨ ᠨᠠᠰᠤᠲᠠᠶᠢᠴᠤᠳ ᠤᠨ ᠪᠠᠶᠠᠷ ᠮᠥᠨ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠰᠠᠨᠠᠭᠠᠴᠢᠯᠠᠨ ᠪᠠᠳᠠᠷᠠᠭᠤᠯᠬᠤ ᠶᠢᠨ ᠲᠥᠯᠥᠭᠡ᠂ ᠠᠵᠢᠯᠯᠠᠭᠠᠨ ᠤ ᠠᠬᠤᠢ ᠲᠠᠯᠠᠪᠠᠢ ᠳᠤ᠂ ᠦᠴᠤᠸᠠᠨ ᠰᠢᠶᠠᠨ ᠤ ᠰᠣᠶᠣᠯ ᠤᠨ ᠣᠷᠳᠣᠨ ᠪᠠᠰᠠ ᠬᠡᠰᠡᠭ ᠨᠠᠰᠤᠲᠠᠶᠢᠴᠤᠳ ᠢ ᠵᠣᠬᠢᠶᠠᠨ ᠪᠠᠶᠢᠭᠤᠯᠤᠨ ᠠᠵᠢᠯᠯᠠᠭ᠎ᠠ ᠳᠤ ᠣᠷᠤᠯᠴᠠᠭᠤᠯᠤᠨ ᠪᠣᠳᠠᠰ ᠤᠨ ᠪᠤᠰᠤ ᠰᠣᠶᠣᠯ ᠤᠨ ᠥᠪ  ᠤᠨ ᠲᠦᠷᠦᠯ ᠵᠦᠢᠯ ᠤᠨ ᠠᠭᠤᠯᠠ ᠠᠪᠠᠷᠢᠬᠤ ᠳᠠᠭᠤᠤ ᠶᠢᠨ ᠤᠯᠠᠮᠵᠢᠯᠠᠭᠴᠢ ᠵᠢᠴᠢ ᠢᠳᠡᠷ ᠨᠠᠰᠤᠲᠠᠶᠢᠴᠤᠳ ᠤᠨ ᠶᠠᠩᠭᠠᠷ ᠤᠨ ᠠᠩᠬᠢ ᠶᠢᠨ ᠭᠤᠶᠢᠳᠠ ᠰᠠᠶᠢᠬᠠᠨ ᠲᠣᠭᠯᠠᠯᠲᠠ ᠶᠢ ᠰᠤᠨᠢᠷᠭᠠᠭᠤᠯᠵᠤ᠂ ᠶᠤᠤᠮᠠᠢ ᠶᠢᠨ ᠭᠤᠯᠢᠷ ᠤᠨ ᠪᠣᠳᠠᠰ ᠤᠨ ᠪᠤᠰᠤ ᠰᠣᠶᠣᠯ ᠤᠨ ᠥᠪ ᠤᠨ ᠠᠮᠲᠠᠲᠤ ᠢᠳᠡᠭᠡᠨ ᠢ ᠠᠮᠳᠠᠯᠠᠭᠤᠯᠤᠨ ᠬᠢᠨᠠᠭᠤᠯᠵᠤ᠂ ᠠᠯᠪᠠᠨ ᠵᠢᠷᠤᠮ ᠤᠨ ᠡᠮᠴᠢᠯᠡᠭᠡ ᠬᠢᠵᠦ ᠦᠭᠪᠡ᠃ ᠡᠭᠦᠨ ᠤ ᠬᠠᠮᠲᠤ ᠨᠣᠬᠠᠶ ᠬᠤᠰᠢᠭᠤ᠂ ᠴᠠᠭᠠᠨ ᠭᠤᠯᠢᠷ ᠵᠡᠷᠭᠡ ᠲᠣᠬᠤᠨᠢᠭᠤᠯᠬᠤ ᠪᠣᠳᠠᠰ ᠬᠦᠷᠭᠡᠵᠦ᠂ ᠪᠦᠬᠦ ᠨᠡᠶᠢᠭᠡᠮ ᠢᠶᠠᠷ ᠢᠶᠠᠨ ᠨᠠᠰᠤᠲᠠᠨ ᠢᠶᠠᠨ ᠬᠦᠨᠳᠦᠯᠡᠵᠦ᠂ ᠡᠴᠢᠬᠡ ᠡᠬᠡ ᠪᠠᠨ ᠠᠴᠢᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠬᠤ ᠶᠢ ᠰᠠᠨᠠᠭᠠᠴᠢᠯᠠᠪᠠ᠃ ᠠᠵᠢᠯᠯᠠᠭ᠎ᠠ ᠶᠢᠨ ᠬᠤᠭᠤᠴᠠᠭᠠᠨ ᠳᠤ᠂ ᠪᠠᠰᠠ ᠴᠡᠯᠡᠭᠡᠷ ᠲᠠᠯ᠎ᠠ ᠶᠢᠨ ᠦᠨᠦᠷ ᠠᠮᠲᠠᠲᠤ ᠪᠣᠳᠠᠰ ᠤᠨ ᠪᠤᠰᠤ ᠰᠣᠶᠣᠯ ᠤᠨ ᠥᠪ ᠤᠨ ᠠᠮᠲᠠᠲᠤ ᠢᠳᠡᠭᠡᠨ ᠶᠤᠤᠮᠠᠶ  ᠶᠢᠨ ᠭᠤᠯᠢᠷ ᠬᠢᠬᠦ ᠤᠷ᠎ᠠ ᠮᠡᠷᠭᠡᠵᠢᠯ ᠢ ᠠᠳᠠᠯᠢᠳᠬᠠᠨ ᠰᠢᠯᠭᠠᠷᠠᠭᠤᠯᠬᠤ ᠦᠵᠡᠭᠦᠯᠭᠡ ᠶᠢ ᠡᠷᠭᠢᠯᠡᠵᠦ᠂ ᠬᠥᠬᠡᠬᠤᠲᠠ  ᠶᠢᠨ ᠴᠡᠯᠡᠭᠡᠷ ᠲᠠᠯ᠎ᠠ ᠶᠢᠨ ᠰᠣᠶᠣᠯ ᠵᠢᠭᠤᠯᠴᠢᠯᠠᠯ ᠤᠨ ᠪᠦᠲᠦᠭᠡᠯᠴᠢ ᠲᠥᠰᠦᠪᠯᠡᠯ ᠤᠨ ᠲᠥᠪ ᠤᠨ ᠡᠷᠬᠢᠯᠡᠭᠴᠢ ᠰᠥᠩ ᠾᠧ ᠫᠢᠩ᠂ ᠳᠤᠮᠳᠠᠳᠤ ᠤᠯᠤᠰ ᠤᠨ ᠨᠡᠷᠡᠲᠦ ᠲᠤᠭᠤᠭᠠᠴᠢ᠂ ᠤᠯᠤᠰ ᠤᠨ ᠲᠠᠰ ᠤᠨ ᠰᠢᠯᠭᠠᠷᠠᠭᠤᠯᠬᠤ ᠺᠣᠮᠢᠰ ᠤᠨ ᠭᠡᠰᠢᠭᠦᠨ ᠡᠦ ᡁᠢ ᠴᠢᠶᠠᠩ᠂ ᠥᠪᠥᠷ ᠮᠣᠩᠭᠤᠯ ᠤᠨ ᠭᠠᠯ ᠲᠤᠭᠤᠭ᠎ᠠ ᠢᠳᠡᠭᠡᠨ ᠤᠮᠳᠠᠭᠠᠨ ᠤ ᠬᠤᠭᠤᠯᠠᠨ ᠬᠡᠷ ᠤᠨ ᠠᠵᠢᠯ ᠲᠥᠷᠥᠯ ᠤᠨ ᠨᠡᠶᠢᠭᠡᠮᠯᠢᠭ ᠤᠨ ᠳᠠᠷᠤᠭ᠎ᠠ ᠨᠢᠦ ᠶᠢᠨ ᠰᠢᠶᠠᠩ ᠵᠡᠷᠭᠡ ᠲᠤᠰᠬᠠᠶ ᠮᠡᠷᠭᠡᠵᠢᠯᠲᠡᠨ ᠤᠷᠤᠯᠳᠤᠭᠠᠨ  ᠳᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠰᠢᠯᠭᠠᠷᠠᠭᠤᠯᠬᠤ ᠶᠢᠨ ᠬᠠᠮᠲᠤ ᠱᠠᠩᠨᠠᠯ ᠭᠥᠷᠳᠡᠭᠰᠡᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠳᠤ ᠱᠠᠩᠨᠠᠯ ᠤᠨ ᠪᠢᠴᠢᠭ ᠭᠠᠷᠳᠠᠭᠤᠯᠪᠠ  ᠃
     ᠲᠣᠰ ᠤᠳᠠᠭᠠᠨ ᠤ ᠠᠵᠢᠯᠯᠠᠭ᠎ᠠ ᠶᠢ ᠬᠥᠬᠡᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠲᠥᠪ᠂ ᠦᠴᠤᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠥᠬᠡᠬᠤᠲᠠ ᠶᠢᠨ ᠰᠣᠶᠣᠯ ᠤᠨ ᠴᠢᠳᠠᠪᠤᠷᠢᠲᠠᠨ ︵ᠬᠥᠮᠥᠷᠭᠡ︶ ᠤ ᠵᠠᠭᠤᠨ ᠬᠥᠮᠦᠨ ᠵᠠᠭᠤᠨ ᠲᠤᠭᠤᠶᠢᠯᠠᠩ ᠵᠣᠬᠢᠶᠠᠨ ᠪᠠᠶᠢᠭᠤᠯᠬᠤ ᠺᠣᠮᠢᠰ ᠠᠴᠠ ᠭᠤᠤᠯᠯᠠᠨ ᠡᠷᠭᠢᠯᠡᠵᠦ᠂ ᠦᠴᠤᠸᠠᠨ ᠰᠢᠶᠠᠨ ᠤ ᠰᠣᠶᠣᠯ ᠤᠨ ᠣᠷᠳᠣᠨ᠂ ᠬᠥᠬᠡᠬᠤᠲᠠ ᠶᠢᠨ ᠴᠡᠯᠡᠭᠡᠷ ᠲᠠᠯ᠎ᠠ ᠶᠢᠨ ᠰᠣᠶᠣᠯ ᠵᠢᠭᠤᠯᠴᠢᠯᠠᠯ ᠤᠨ ᠪᠦᠲᠦᠭᠡᠯᠴᠢ ᠲᠥᠰᠦᠪᠯᠡᠯ ᠤᠨ ᠲᠥᠪ᠂ ᠦᠴᠤᠸᠠᠨ ᠤ ᠪᠤᠳᠠᠰ ᠤᠨ ᠪᠤᠰᠤ ᠰᠣᠶᠣᠯ ᠤᠨ ᠥᠪ ᠤᠨ ᠠᠵᠢᠯ ᠣᠯᠭᠤᠯᠲᠠ ᠶᠢᠨ ᠦᠶᠯᠡᠳᠬᠡᠯ ᠤᠨ ᠭᠠᠵᠠᠷ ︵ᠴᠧᠨ ᠶᠤᠸᠠᠢ ᠬᠤᠸᠠᠨ ᠴᠢᠯᠠᠭᠤᠨ ᠲᠡᠭᠡᠷᠮ᠎ᠡ ᠢᠶᠠᠷ ᠶᠤᠤᠮᠠᠶ ᠶᠢᠨ ᠭᠤᠯᠢᠷ ᠲᠠᠯᠠᠭᠳᠠᠬᠤ ᠤᠯᠠᠮᠵᠢᠯᠠᠨ ᠰᠤᠷᠬᠤ ᠰᠠᠭᠤᠷᠢᠨ ᠭᠠᠵᠠᠷ︶ ᠵᠡᠷᠭᠡ ᠬᠠᠮᠲᠤᠷᠠᠨ ᠭᠤᠤᠯᠯᠠᠨ ᠡᠷᠭᠢᠯᠡᠪᠡ᠃
 
ᠢᠷᠡᠯᠲᠡ᠄ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号