︽ᠵᠣᠴᠢᠨᠰᠠᠭ ᠱᠠᠨᠳᠦ᠋ᠩ ᠬᠢᠵᠠᠭᠠᠷ ᠦᠭᠡᠢ ᠠᠭᠤᠵᠢᠮ︾ ᠵᠢᠶᠤᠤᠳᠦ᠋ᠩ ᠤᠨ ᠠᠵᠤ ᠠᠬᠤᠶ ᠶᠢᠨ ᠲᠣᠭᠤᠷᠢᠭ ᠤᠨ ᠰᠣᠶᠣᠯ ᠵᠢᠭᠤᠯᠴᠢᠯᠠᠯ ᠤᠨ ᠬᠤᠯᠪᠣᠭ᠎ᠠ ᠪᠤᠭᠤᠲᠤ ᠳᠤ ᠬᠦᠷᠴᠦ ᠲᠠᠨᠢᠯᠴᠠᠭᠤᠯᠬᠤ ᠬᠤᠷᠠᠯ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2021/10/22
     ᠱᠠᠨᠳᠦ᠋ᠩ ᠮᠤᠵᠢ ᠶᠢᠨ ᠴᠢᠩᠳᠣᠤ ᠬᠤᠳᠠ᠂ ᠶᠠᠨᠲ᠋ᠠᠢ ᠬᠤᠳᠠ᠂  ᠬᠤᠸᠠᠢ ᠹᠠᠩ ᠬᠤᠳᠠ᠂ ᠸᠧᠢ ᠬᠠᠢ ᠬᠤᠳᠠ ᠂ ᠿᠢ ᠵᠤᠤ ᠬᠤᠳᠠ ᠶᠢᠨ ᠬᠠᠮᠲᠤ ᠪᠠᠷ ᠵᠣᠬᠢᠶᠠᠨ ᠪᠠᠶᠢᠭᠤᠯᠤᠭᠰᠠᠨ 2021 ᠤᠨ ᠤ《 ᠵᠣᠴᠢᠨᠰᠠᠭ ᠱᠠᠨᠳᠦ᠋ᠩ  ᠬᠢᠵᠠᠭᠠᠷ ᠦᠭᠡᠢ ᠠᠭᠤᠵᠢᠮ》 ᠵᠢᠶᠤᠤᠳᠦ᠋ᠩ ᠤᠨ ᠠᠵᠤ ᠠᠬᠤᠢ ᠶᠢᠨ ᠲᠣᠭᠤᠷᠢᠭ ᠤᠨ ᠰᠣᠶᠣᠯ ᠵᠢᠭᠤᠯᠴᠢᠯᠠᠯ ᠤᠨ ᠬᠤᠯᠪᠣᠭ᠎ᠠ ᠶᠢᠨ ᠲᠠᠨᠢᠯᠴᠠᠭᠤᠯᠬᠤ ᠬᠤᠷᠠᠯ 10 ᠳ᠋ᠤᠭᠠᠷ ᠰᠠᠷ᠎ᠠ ᠶᠢᠨ 9 ᠤ ᠡᠳᠦᠷ ᠪᠤᠭᠤᠲᠤ ᠬᠤᠲᠠ ᠳᠤ ᠶᠠᠪᠤᠭᠳᠠᠪᠠ  ᠃ ᠪᠦᠲᠦᠭᠡᠯᠴᠢ ᠴᠢᠨᠠᠷᠲᠠᠢ ᠳᠠᠭᠤᠤ ᠬᠥᠭᠵᠢᠮᠲᠦ ᠵᠦᠴᠦᠭᠡ᠂ ᠰᠡᠳᠬᠢᠯ ᠬᠥᠳᠡᠯᠭᠡᠮ᠎ᠡ ᠳᠠᠭᠤᠤ ᠪᠥᠵᠢᠭ ᠵᠡᠷᠭᠡ《  ᠨᠡᠭᠡᠭᠡᠯᠲᠡ》 ᠶᠢᠨ ᠬᠡᠯᠪᠡᠷᠢ ᠪᠠᠷ ᠪᠤᠭᠤᠲᠤ ᠬᠤᠳᠠ ᠶᠢᠨ ᠠᠷᠠᠳ ᠲᠦᠮᠡᠨ ᠢ ᠵᠢᠶᠤᠤᠳᠦ᠋ᠩ ᠳᠤ ᠬᠦᠷᠴᠤ᠂ ᠥᠪᠡᠷᠮᠢᠴᠡ ᠣᠨᠴᠠᠯᠢᠭ ᠪᠦᠬᠦᠢ ᠤᠷᠤᠰᠬᠠᠯ  ᠲᠠᠭᠠᠭᠰᠠᠨ ᠳᠠᠯᠠᠢ ᠶᠢᠨ ᠡᠷᠭᠢ ᠶᠢᠨ ᠠᠷᠰᠢ ᠶᠢᠨ ᠣᠷᠣᠨ ᠤ ᠠᠶᠠᠯᠠᠯ  ᠢᠶᠠᠨ  ᠡᠬᠢᠯᠡᠭᠦᠯᠬᠦ ᠶᠢ ᠤᠷᠢᠭᠰᠠᠨ ᠪᠠᠶᠢᠨ᠎ᠠ᠃      ᠲᠠᠨᠢᠯᠴᠠᠭᠤᠯᠬᠤ ᠬᠤᠷᠠᠯ ᠤᠨ ᠠᠬᠤᠢ ᠲᠠᠯᠠᠪᠠᠢ ᠳᠤ᠂ ᠵᠢᠶᠤᠤᠳᠦ᠋ᠩ  ᠲᠠᠪᠤᠨ ᠬᠤᠳᠠ ᠥᠪᠡᠷᠮᠢᠴᠡ ᠠᠭᠤᠯᠤᠭᠳᠠᠬᠤᠨ ᠪᠠ ᠰᠣᠶᠣᠯ ᠢᠷᠭᠡᠨᠰᠢᠯ ᠤᠨ ᠭᠤᠸ᠎ᠠ ᠰᠠᠶᠢᠬᠠᠨ ᠤ ᠭᠤᠶᠢᠳᠠ ᠰᠠᠶᠢᠬᠠᠨ ᠲᠣᠭᠯᠠᠯᠲᠠ ᠭᠠᠷᠭᠠᠪᠠ᠃ ᠡᠭᠦᠨ ᠤ ᠬᠠᠮᠲᠤ᠂ ᠲᠠᠪᠤᠨ ᠬᠤᠲᠠ ᠶᠢᠨ ᠬᠤᠯᠪᠣᠭ᠎ᠠ ᠪᠠᠰᠠ ᠪᠤᠭᠤᠲᠤ ᠶᠢᠨ  ᠵᠢᠭᠤᠯᠴᠢᠯᠠᠭᠴᠢᠳ ᠲᠤ ᠴᠢᠩ ᠰᠡᠳᠬᠢᠯ ᠤᠨ ᠤᠷᠢᠯᠭ᠎ᠠ — 《 ᠪᠤᠭᠤᠲᠤ ᠶᠢᠨ ᠵᠢᠭᠤᠯᠴᠢᠯᠠᠭᠴᠢᠳ ᠲᠤ ᠢᠯᠡᠭᠡᠭᠰᠡᠨ ᠵᠠᠬᠢᠳᠠᠯ 》 ᠢ ᠲᠠᠷᠬᠠᠭᠠᠪᠠ  ᠃     ᠲᠠᠨᠢᠯᠴᠠᠭᠤᠯᠬᠤ ᠬᠤᠷᠠᠯ ᠳᠡᠭᠡᠷ᠎ᠡ᠂ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠪᠣᠯᠤᠨ ᠵᠢᠶᠤᠤᠳᠦ᠋ᠩ ᠲᠠᠪᠤᠨ ᠬᠤᠲᠠ ᠶᠢᠨ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ  ᠃
 
ᠢᠷᠡᠯᠲᠡ᠄ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号