ᠬᠢᠩᠭᠠᠨ ᠠᠶᠢᠮᠠᠭ ᠪᠣᠯᠤᠨ ᠬᠥᠯᠥᠨ ᠪᠣᠶᠢᠷ ᠬᠤᠲᠠ ᠭᠠᠷ ᠭᠠᠷ ᠢᠶᠠᠨ ᠬᠤᠯᠪᠣᠨ ᠥᠪᠥᠷ ᠮᠣᠩᠭᠤᠯ ᠤᠨ ᠵᠡᠭᠦᠨ ᠬᠡᠰᠡᠭ ᠭᠠᠵᠠᠷ ᠣᠷᠣᠨ ᠤ ᠠᠶᠠᠯᠠᠯ ᠤᠨ ᠱᠤᠭᠤᠮ ᠢ ᠳᠡᠯᠭᠡᠷᠡᠭᠦᠯᠬᠦ ᠪᠠ ᠡᠪᠦᠯ ᠤᠨ ᠤᠯᠠᠷᠢᠯ ᠤᠨ ᠵᠢᠭᠤᠯᠴᠢᠯᠠᠯ ᠢ ᠲᠠᠨᠢᠯᠴᠠᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/10/22
     ᠵᠢᠭᠤᠯᠴᠢᠯᠠᠯ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 10 ᠳ᠋ᠤᠭᠠᠷ ᠰᠠᠷ᠎ᠠ ᠶᠢᠨ 15 ᠤ ᠡᠳᠦᠷ᠂ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠵᠢᠴᠢ ᠵᠢᠭᠤᠯᠴᠢᠯᠠᠯ ᠤᠨ ᠠᠵᠤ ᠠᠬᠤᠶᠢᠯᠠᠯ᠂ ᠨᠡᠶᠢᠭᠡᠮᠯᠢᠭ ᠤᠨ ᠲᠥᠯᠥᠭᠡᠯᠡᠭᠴᠢ ᠬᠥᠯᠥᠨ ᠪᠣᠶᠢᠷ ᠬᠤᠲᠠ ᠳᠤ ᠬᠦᠷᠴᠦ ᠥᠪᠥᠷ ᠮᠣᠩᠭᠤᠯ ᠤᠨ ᠵᠡᠭᠦᠨ ᠬᠡᠰᠡᠭ ᠭᠠᠵᠠᠷ ᠣᠷᠣᠨ ᠤ ᠠᠶᠠᠯᠠᠯ ᠤᠨ ᠱᠤᠭᠤᠮ ᠢ ᠳᠡᠯᠭᠡᠷᠡᠭᠦᠯᠬᠦ ᠪᠠ ᠡᠪᠦᠯ ᠤᠨ ᠤᠯᠠᠷᠢᠯ ᠤᠨ ᠵᠢᠭᠤᠯᠴᠢᠯᠠᠯ ᠢ ᠲᠠᠨᠢᠯᠴᠠᠭᠤᠯᠬᠤ ᠠᠵᠢᠯᠯᠠᠭ᠎ᠠ ᠦᠷᠨᠢᠭᠦᠯᠪᠡ᠃ ᠬᠤᠶᠠᠷ ᠭᠠᠵᠠᠷ ᠤᠨ 30 ᠵᠢᠭᠤᠯᠴᠢᠯᠠᠯ  ᠤᠨ ᠠᠵᠤ ᠠᠬᠤᠶᠢᠯᠠᠯ ᠠᠵᠢᠯᠯᠠᠭ᠎ᠠ ᠳᠤ ᠣᠷᠤᠯᠴᠠᠵᠠᠢ᠃      ᠬᠢᠩᠭᠠᠨ ᠠᠶᠢᠮᠠᠭ ᠪᠣᠯᠤᠨ ᠬᠥᠯᠥᠨ ᠪᠣᠶᠢᠷ ᠬᠤᠲᠠ ᠬᠤᠶᠠᠷ ᠭᠠᠵᠠᠷ ᠤᠨ ᠵᠢᠭᠤᠯᠴᠢᠯᠠᠯ ᠤᠨ ᠰᠠᠯᠠᠭ᠎ᠠ ᠮᠥᠴᠢᠷ ᠬᠢᠭᠡᠳ ᠵᠢᠭᠤᠯᠴᠢᠯᠠᠯ ᠤᠨ ᠠᠵᠤ ᠠᠬᠤᠶᠢᠯᠠᠯ ᠨᠢ ᠵᠢᠭᠤᠯᠴᠢᠯᠠᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠬᠠᠮᠲᠤᠷᠠᠨ ᠲᠠᠨᠢᠯᠴᠠᠭᠤᠯᠬᠤ᠂ ᠵᠠᠮ ᠱᠤᠭᠤᠮ ᠢ ᠬᠠᠷᠢᠯᠴᠠᠨ ᠲᠠᠨᠢᠯᠴᠠᠭᠤᠯᠬᠤ᠂ ᠵᠠᠬ᠎ᠠ ᠳᠡᠯᠭᠡᠭᠦᠷ ᠢ ᠥᠷᠭᠡᠳᠬᠡᠬᠦ᠂ ᠥᠪᠥᠷ ᠮᠣᠩᠭᠤᠯ ᠤᠨ ᠵᠡᠭᠦᠨ ᠲᠠᠪᠤᠨ ᠠᠶᠢᠮᠠᠭ ᠬᠤᠲᠠ ᠵᠢᠴᠢ ︽ᠤᠯᠠᠭᠠᠨᠬᠤᠲᠠ ᠷᠠᠰᠢᠶᠠᠨ ᠬᠠᠶᠢᠯᠠᠷ ᠮᠠᠨᠵᠤᠤᠷ︾  ᠤᠨ ᠰᠢᠵᠢᠷ ᠠᠯᠲᠠᠨ ᠵᠢᠭᠤᠯᠴᠢᠯᠠᠯ ᠤᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠤᠬᠠᠭᠤᠯᠭ᠎ᠠ ᠪᠣᠷᠣᠯᠠᠭᠤᠯᠭ᠎ᠠ ᠪᠠ ᠳᠡᠯᠭᠡᠷᠡᠭᠦᠯᠦᠯᠲᠡ ᠵᠡᠷᠭᠡ ᠲᠠᠯ᠎ᠠ ᠪᠠᠷ ᠭᠦᠨᠵᠡᠭᠡᠶ ᠰᠣᠯᠢᠯᠴᠠᠵᠤ᠂ ᠬᠠᠮᠲᠤ ᠶᠢᠨ ᠲᠠᠨᠢᠯᠲᠠ ᠲᠠᠢ ᠪᠣᠯᠪᠠ᠃      ᠲᠠᠷᠠᠭᠠᠴᠢ ᠶᠢᠨ ᠠᠯᠬᠤᠮ ᠳᠤ᠂ ᠬᠤᠶᠠᠷ ᠭᠠᠵᠠᠷ ᠤᠨ ᠬᠢᠨ ᠵᠢᠭᠤᠯᠴᠢᠯᠠᠯ ᠤᠨ ᠵᠠᠮ ᠱᠤᠭᠤᠮ ᠢ ᠰᠢᠯᠢᠳᠡᠭᠵᠢᠭᠦᠯᠦᠨ ᠤᠷᠲᠤᠳᠬᠠᠵᠤ᠂ ᠥᠪᠥᠷ ᠮᠣᠩᠭᠤᠯ ᠤᠨ ᠵᠡᠭᠦᠨ ᠬᠡᠰᠡᠭ ᠭᠠᠵᠠᠷ ᠣᠷᠣᠨ ᠤ ᠵᠢᠭᠤᠯᠴᠢᠯᠠᠯ ᠤᠨ ᠬᠤᠯᠪᠤᠭᠠᠨ ᠤ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠠᠭᠠᠷ ᠤᠨ ᠠᠶᠠᠯᠠᠯ ᠤᠨ ᠵᠠᠮ ᠬᠠᠷᠢᠯᠴᠠᠭᠠᠨ ᠤ ᠳᠠᠪᠠᠭᠤᠯᠢᠭ ᠢ ᠠᠰᠢᠭᠯᠠᠭᠠᠳ ᠣᠷᠣᠨ ᠤ ᠳᠣᠲᠣᠷᠠᠬᠢ ᠵᠠᠬ᠎ᠠ ᠳᠡᠯᠭᠡᠭᠦᠷ ᠪᠠ ᠪᠡᠭᠡᠵᠢᠩ ᠲᠢᠶᠠᠨᠵᠢᠨ ᠾᠧᠪᠧᠶ ᠭᠠᠵᠠᠷ ᠣᠷᠣᠨ ᠤ ᠵᠠᠬ᠎ᠠ ᠳᠡᠯᠭᠡᠭᠦᠷ ᠢ ᠦᠷᠭᠡᠳᠭᠡᠨ᠂ ᠠᠭᠠᠷ ᠤᠨ ᠠᠶᠠᠯᠠᠯ ᠤᠨ ᠱᠤᠭᠤᠮ ᠤᠨ ᠳᠡᠯᠭᠡᠷᠡᠭᠦᠯᠦᠯᠲᠡ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠵᠡᠭᠦᠨ ᠬᠡᠰᠡᠭ ᠤᠨ ᠠᠶᠢᠮᠠᠭ ᠬᠤᠲᠠ ᠶᠢᠨ ᠬᠤᠭᠤᠷᠣᠨᠳᠣᠬᠢ ᠡᠪᠦᠯ ᠤᠨ ᠤᠯᠠᠷᠢᠯ ᠤᠨ ᠵᠢᠭᠤᠯᠴᠢᠯᠠᠯ ᠤᠨ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠬᠠᠷᠢᠯᠴᠠᠨ ᠠᠰᠢᠭ ᠬᠦᠷᠲᠡᠭᠡᠬᠦ᠂ ᠦᠶᠯᠡᠳᠬᠦᠨ ᠤ ᠲᠠᠯ᠎ᠠ ᠪᠠᠷ ᠬᠠᠷᠢᠯᠴᠠᠨ  ᠳᠡᠯᠭᠡᠷᠡᠭᠦᠯᠬᠦ ᠂ ᠵᠠᠬ᠎ᠠ ᠳᠡᠯᠭᠡᠭᠦᠷ ᠤᠨ ᠲᠠᠯ᠎ᠠ ᠪᠠᠷ ᠬᠠᠷᠢᠯᠴᠠᠨ ᠦᠶᠯᠡᠳᠦᠯᠴᠡᠬᠦ᠂ ᠠᠶᠠᠨᠴᠢᠳ ᠤᠨ ᠢᠷᠡᠯᠲᠡ ᠶᠢ ᠬᠠᠷᠢᠯᠴᠠᠨ ᠬᠦᠷᠭᠡᠬᠦ ᠲᠠᠯ᠎ᠠ ᠪᠠᠷ ᠭᠦᠨᠵᠡᠭᠡᠶ ᠬᠠᠮᠲᠤᠷᠠᠯᠴᠠᠵᠤ᠂ ᠬᠠᠷᠢᠯᠴᠠᠨ ᠠᠰᠢᠭ ᠬᠦᠷᠲᠡᠭᠡᠨ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ᠃
 
ᠢᠷᠡᠯᠲᠡ᠄ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号