ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠠᠯᠪᠠᠨ ᠵᠠᠷ
ᠨᠡᠶᠢᠲᠡᠯᠡᠭᠰᠡᠨ ᠴᠠᠭ᠄
2021/10/27
                 ︹2021︺ 3 ᠳ᠋ᠤᠭᠠᠷ ᠲᠣᠭᠠᠲᠤ      ᠮᠠᠨ ᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠰᠠᠶᠢᠲᠤᠷ ᠬᠢᠵᠦ᠂ ᠬᠢᠵᠢᠭ ᠤᠨ ᠥᠷᠭᠡᠵᠢᠨ ᠳᠡᠯᠭᠡᠷᠡᠬᠦ ᠶᠢ ᠴᠢᠩᠭ᠎ᠠ ᠰᠡᠷᠭᠡᠶᠢᠯᠡᠬᠦ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠵᠠᠷᠯᠠᠪᠠ᠃      ᠨᠢᠭᠡ᠂ 2021 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠨᠠᠭᠠᠰᠢ ᠠᠯᠠᠱᠠ ᠠᠶᠢᠮᠠᠭ ᠤᠨ ᠡᠵᠡᠨ᠎ᠡ ᠬᠤᠰᠢᠭᠤ ᠪᠣᠯᠤᠨ ᠡᠷᠢᠶᠡᠨ ᠬᠤᠲᠠ ᠳᠤ ᠵᠢᠭᠤᠯᠴᠢᠯᠠᠨ ᠰᠠᠭᠤᠭᠰᠠᠨ ᠲᠡᠤᠬᠡ ᠲᠠᠢ ᠬᠥᠮᠦᠰ ᠰᠠᠨᠠᠭᠠᠴᠢᠯᠠᠭ᠎ᠠ ᠠᠴᠠ ᠪᠠᠨ ᠣᠳᠣ ᠶᠢᠨ ᠪᠠᠶᠢᠭ᠎ᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠂ ᠨᠢᠭᠡᠴᠢ᠂ ᠪᠠᠭᠤᠳᠠᠯ ᠳᠤ ᠮᠡᠳᠡᠭᠦᠯᠦᠨ ᠳᠠᠩᠰᠠᠯᠠᠭᠤᠯᠵᠤ᠂ ᠲᠤᠬᠠᠶ ᠶᠢᠨ ᠭᠠᠵᠠᠷ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠲᠠᠢ ᠬᠠᠮᠵᠢᠯᠴᠠᠨ ᠪᠥᠭᠡᠮ ᠬᠦᠴᠢᠯ ᠤᠨ ᠪᠠᠶᠢᠴᠠᠭᠠᠯᠲᠠ᠂ ᠡᠷᠡᠭᠦᠯ ᠮᠡᠨᠳᠦ ᠶᠢᠨ ᠪᠠᠶᠢᠴᠠᠭᠠᠯᠲᠠ ᠵᠡᠷᠭᠡ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠬᠡᠷᠪᠡ ᠮᠡᠳᠡᠭᠦᠯᠬᠦ ᠥᠬᠡᠶ ᠨᠢᠭᠤᠬᠤ ᠪᠠ ᠤᠳᠠᠭᠠᠰᠢᠷᠠᠭᠤᠯᠤᠨ ᠮᠡᠳᠡᠭᠦᠯᠦᠭᠰᠡᠨ ᠠᠴᠠ ᠪᠣᠯᠵᠤ᠂ ᠮᠠᠭᠤ ᠦᠷ᠎ᠡ ᠳ᠋ᠦᠩ ᠭᠠᠷᠭᠠᠪᠠᠯ᠂ ᠬᠠᠤᠯᠢ ᠲᠣᠭᠲᠠᠭᠠᠯ ᠶᠣᠰᠣᠭᠠᠷ ᠬᠤᠯᠪᠣᠭᠳᠠᠯ ᠪᠥᠬᠦᠶ ᠬᠥᠮᠦᠰ ᠠᠴᠠ ᠬᠠᠷᠢᠭᠤᠴᠠᠯᠭ᠎ᠠ ᠨᠡᠬᠡᠮᠵᠢᠯᠡᠨ᠎ᠡ᠃      ᠬᠤᠶᠠᠷ᠂ ᠣᠶᠢᠷ᠎ᠠ ᠶᠢᠨ ᠬᠤᠭᠤᠴᠠᠭᠠᠨ ᠳᠤ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠡᠭᠦᠰᠦᠭᠰᠡᠨ ᠬᠤᠲᠠ ᠪᠠ ᠭᠠᠵᠠᠷ ᠣᠷᠣᠨ ᠳᠤ ᠴᠢᠬᠤᠯᠠ ᠦᠭᠡᠢ ᠪᠣᠯ ᠵᠢᠭᠤᠯᠴᠢᠯᠠᠬᠤ᠂ ᠠᠯᠪᠠᠨ ᠠᠵᠢᠯ ᠢᠶᠠᠷ ᠭᠠᠳᠠᠭᠰᠢ ᠭᠠᠷᠬᠤ᠂ ᠲᠥᠷᠥᠯ ᠰᠠᠳᠤᠨ ᠨᠠᠶᠢᠵᠠ ᠨᠥᠬᠦᠳ ᠢᠶᠠᠨ ᠡᠷᠭᠢᠵᠦ ᠦᠵᠡᠬᠦ ᠦᠭᠡᠢ ᠪᠠᠶᠢᠵᠤ᠂ ᠵᠠᠪᠠᠯ ᠣᠴᠢᠬᠤ ᠴᠢᠬᠤᠯᠠ ᠲᠠᠢ ᠪᠣᠯ ᠬᠢᠵᠢᠭ ᠤᠨ ᠪᠠᠶᠢᠳᠠᠯ ᠤᠨ ᠰᠡᠷᠭᠡᠶᠢᠯᠡᠯᠲᠡ ᠪᠠᠨ ᠰᠠᠶᠢᠲᠤᠷ ᠬᠢᠵᠦ᠂ ᠥᠪᠥᠷ ᠮᠣᠩᠭᠤᠯ ᠳᠤ ᠪᠤᠴᠠᠬᠤ ᠠᠴᠠ ᠡᠮᠦᠨ᠎ᠡ᠂ ᠪᠠᠶᠢᠭ᠎ᠠ ᠨᠢᠭᠡᠴᠢ ᠪᠠ ᠬᠠᠷᠢᠶ᠎ᠠ ᠣᠷᠣᠨ ᠳᠤ ᠪᠠᠨ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ᠬᠠᠷᠢᠶ᠎ᠠ ᠭᠠᠵᠠᠷ ᠤᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃      ᠭᠤᠷᠪᠠ᠂ ᠪᠥᠬᠦ ᠣᠷᠣᠨ ᠤ ᠡᠯ᠎ᠡ ᠲᠥᠷᠥᠯ ᠤᠨ ᠬᠤᠳᠠᠯᠳᠤᠭᠠᠨ ᠤ ᠲᠠᠯᠠᠪᠤᠷ ᠬᠡᠲᠦ ᠳᠡᠯᠭᠡᠭᠦᠷ᠂ ᠬᠤᠭᠤᠯᠠ ᠤᠮᠳᠠ ᠬᠤᠨᠤᠭ ᠪᠠᠭᠤᠳᠠᠯ᠂ ᠲᠠᠷᠢᠶᠠᠯᠠᠩ ︵ᠴᠤᠭᠯᠠᠭ᠎ᠠ ᠮᠠᠶᠢᠮᠠᠶ︶ ᠤᠨ ᠵᠠᠬ᠎ᠠ᠂ ᠰᠣᠶᠣᠯ ᠵᠤᠭ᠎ᠠ ᠴᠡᠩᠭᠡᠯ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠵᠢᠴᠢ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠥᠷᠲᠡᠭᠡ᠂ ᠭᠠᠵᠠᠷ ᠳᠣᠤᠷᠠᠬᠢ ᠲᠡᠮᠦᠷ ᠵᠠᠮ᠂ ᠮᠠᠰᠢᠨ ᠲᠡᠷᠭᠡᠨ ᠤ ᠥᠷᠲᠡᠭᠡ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠰᠠᠯᠬᠢ ᠨᠡᠪᠲᠡᠷᠡᠭᠦᠯᠬᠦ᠂ ᠠᠷᠢᠭᠤᠳᠬᠠᠬᠤ᠂ ᠠᠷᠢᠭᠤᠨ ᠴᠡᠪᠡᠷ ᠪᠠᠶᠢᠯᠭᠠᠬᠤ᠂ ᠲᠠᠯᠠᠪᠤᠷ ᠲᠤ ᠣᠷᠣᠬᠤ ᠳᠤ ᠪᠡᠶ᠎ᠡ ᠶᠢᠨ ᠳᠤᠯᠠᠭᠠᠨ ᠢ ᠬᠡᠮᠵᠢᠬᠦ᠂ ᠠᠮᠠᠪᠴᠢ ᠵᠡᠭᠦᠬᠦ᠂ ᠡᠷᠡᠭᠦᠯ ᠮᠡᠨᠳᠦ ᠶᠢᠨ ᠺᠣᠳ᠋ ᠢ ᠰᠢᠯᠭᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃      ᠲᠦᠷᠪᠡ᠂ ᠤᠯᠠᠨ ᠲᠦᠮᠡᠨ ︽ᠠᠮᠠᠪᠴᠢ ᠵᠡᠭᠦᠬᠦ ︵ᠢᠯᠠᠩᠭᠤᠶ᠎ᠠ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠪᠠ ᠨᠡᠶᠢᠲᠡ ᠶᠢᠨ ᠲᠠᠯᠠᠪᠤᠷ ᠲᠤ ᠠᠵᠢᠯᠯᠠᠭ᠎ᠠ ᠬᠢᠬᠦ ᠳᠤ︶᠂ ᠭᠠᠷ ᠢᠶᠠᠨ ᠦᠷᠭᠦᠯᠵᠢ ᠤᠬᠢᠶᠠᠬᠤ ᠂ ᠦᠷᠭᠦᠯᠵᠢ ᠰᠠᠯᠬᠢ ᠨᠡᠪᠲᠡᠷᠡᠭᠦᠯᠬᠦ᠂ ᠳᠤᠲᠠᠭᠤ ᠴᠤᠭᠯᠠᠬᠤ᠂ ᠨᠢᠭᠡ ᠮᠧᠳ᠋ᠷ ᠤᠨ ᠵᠠᠢ ᠶᠢ ᠪᠠᠲᠤᠯᠠᠬᠤ᠂ ᠨᠡᠶᠢᠲᠡ ᠶᠢᠨ ᠰᠠᠪᠬ᠎ᠠ ᠬᠡᠷᠡᠭᠯᠡᠬᠦ᠂ ᠬᠤᠪᠢᠶᠠᠵᠤ ᠬᠤᠭᠤᠯᠠᠯᠠᠬᠤ︾ ᠵᠡᠷᠭᠡ ᠰᠠᠶᠢᠨ ᠰᠠᠶᠢᠬᠠᠨ ᠳᠠᠳᠬᠠᠯ ᠢ ᠪᠠᠷᠢᠮᠲᠠᠯᠠᠬᠤ ᠬᠡᠷᠡᠭᠲᠡᠶ᠃ ᠬᠡᠷ ᠳᠣᠲᠣᠷᠠᠬᠢ ᠠᠷᠢᠭᠤᠨ ᠴᠡᠪᠡᠷ ᠢ ᠪᠠᠲᠤᠯᠠᠵᠤ᠂ ᠡᠷᠡᠭᠦᠯ ᠰᠠᠷᠠᠭᠤᠯ ᠠᠮᠢᠳᠤᠷᠠᠯ ᠤᠨ ᠬᠡᠯᠪᠡᠷᠢ ᠶᠢ ᠰᠠᠨᠠᠭᠠᠴᠢᠯᠠᠬᠤ ᠬᠡᠷᠡᠭᠲᠡᠢ᠃ ᠬᠥᠮᠦᠨ ᠣᠯᠠᠨ ᠭᠠᠵᠠᠷ ᠲᠤ ᠣᠴᠢᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠶ᠃ ᠬᠡᠷᠪᠡ ᠬᠠᠯᠠᠭᠤᠷᠠᠬᠤ᠂ ᠬᠠᠨᠢᠶᠠᠬᠤ᠂ ᠰᠠᠭᠤᠯᠭᠠᠬᠤ᠂ ᠲᠠᠮᠢᠷᠳᠠᠬᠤ ᠵᠡᠷᠭᠡ ᠢᠯᠡᠷᠡᠯ ᠭᠠᠷᠪᠠᠯ᠂ ᠠᠮᠠᠪᠴᠢ ᠵᠡᠭᠦᠬᠦ ᠶᠢ ᠳᠦᠷᠢᠮᠵᠢᠭᠦᠯᠵᠦ᠂ ᠴᠠᠭ ᠲᠤᠬᠠᠢ ᠳᠤ ᠨᠢ ᠤᠢᠢᠷ᠎ᠠ ᠬᠠᠪᠢ ᠶᠢᠨ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠵᠢᠭᠰᠠᠭᠠᠨ ᠪᠠᠶᠢᠴᠠᠭᠠᠯᠭᠠᠬᠤ ᠪᠠ ᠣᠨᠣᠰᠢᠭᠤᠯᠤᠨ ᠡᠮᠴᠢᠯᠡᠭᠦᠯᠬᠦ ᠬᠡᠷᠡᠭᠲᠡᠢ᠂ ᠡᠪᠡᠳᠴᠢᠨ ᠦᠵᠡᠭᠦᠯᠬᠦ ᠶᠠᠪᠤᠴᠠ ᠳᠤ ᠠᠯᠢ ᠴᠢᠳᠠᠬᠤ ᠪᠠᠷ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠶᠢᠯᠠᠰᠬᠢᠬᠦ ᠬᠡᠷᠡᠭᠲᠡᠢ᠃
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠲᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号