ᠰᠢᠯᠢ ᠶᠢᠨ ᠭᠤᠤᠯ ᠠᠶᠢᠮᠠᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ《 ᠵᠠᠭᠤᠨ ᠡᠳᠦᠷ ᠤᠨ ᠪᠣᠭᠤᠮᠲᠠ ᠰᠢᠪᠲᠤᠯᠬᠤ 》ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/10/29
     ᠶᠡᠷᠦᠩᠬᠡᠶ ᠱᠦᠵᠢ ᠰᠢ ᠶᠢᠨ ᠫᠢᠩ ᠤᠨ ᠰᠤᠷᠲᠠᠯ ᠤᠨ ᠪᠠᠶᠢᠭᠤᠯᠤᠯᠲᠠ ᠶᠢᠨ ᠲᠤᠬᠠᠶ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠪᠥᠬᠦ ᠠᠶᠢᠮᠠᠭ ᠤᠨ ᠤᠳᠤᠷᠢᠳᠬᠤ ᠺᠠᠳ᠋ᠷᠴᠤᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠢ ᠠᠬᠢᠭᠤᠯᠵᠤ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂《 ᠠᠷᠪᠠᠨ ᠳᠥᠷᠪᠡᠳᠦᠭᠡᠷ ᠲᠠᠪᠤᠨ ᠵᠢᠯ ᠤᠨ ᠲᠦᠯᠦᠪᠵᠢᠭᠦᠯᠭᠡ 》 ᠶᠢᠨ ᠡᠬᠢᠯᠡᠯᠲᠡ ᠶᠢᠨ ᠵᠢᠯ ᠤᠨ ᠡᠯ᠎ᠡ ᠵᠦᠶᠯ ᠤᠨ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠶᠢᠨ ᠲᠥᠯᠥᠭᠡ᠂ 10 ᠳ᠋ᠤᠭᠠᠷ ᠰᠠᠷ᠎ᠠ ᠶᠢᠨ 26 ᠤ ᠡᠳᠦᠷ᠂ ᠰᠢᠯᠢ ᠶᠢᠨ ᠭᠤᠤᠯ ᠠᠶᠢᠮᠠᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ《 ᠵᠠᠭᠤᠨ ᠡᠳᠦᠷ  ᠤᠨ ᠪᠣᠭᠤᠮᠲᠠ ᠰᠢᠪᠲᠤᠯᠬᠤ 》ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠭᠤᠯᠪᠠ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠲᠣᠰ ᠤᠳᠠᠭᠠᠨ ᠤ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ《 ᠵᠠᠭᠤᠨ ᠡᠳᠦᠷ ᠤᠨ ᠪᠣᠭᠤᠮᠲᠠ ᠰᠢᠪᠲᠤᠯᠬᠤ 》ᠠᠵᠢᠯᠯᠠᠭ᠎ᠠ ᠪᠣᠯ ᠠᠶᠢᠮᠠᠭ ᠤᠨ ᠨᠠᠮ ᠤᠨ ᠬᠤᠷᠢᠶ᠎ᠠ ᠂ ᠵᠠᠬᠢᠷᠭ᠎ᠠ ᠶᠢᠨ ᠭᠠᠷᠭᠠᠭᠰᠠᠨ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠪᠤᠯᠤᠨ᠎ᠠ᠂ ᠮᠦᠨ ᠴᠦ ᠠᠶᠢᠮᠠᠭ ᠤᠨ ᠨᠠᠮ  ᠤᠨ ᠬᠤᠷᠢᠶ᠎ᠠ᠂ ᠵᠠᠬᠢᠷᠭ᠎ᠠ ᠶᠢᠨ ᠺᠠᠳ᠋ᠷ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠵᠦᠶᠯ ᠤᠨ ᠠᠵᠢᠯ ᠤᠨ ᠵᠥᠷᠢᠶ᠎ᠡ ᠬᠦᠷᠦᠯᠴᠡᠬᠦ ᠦᠭᠡᠢ ᠲᠠᠯ᠎ᠠ ᠶᠢ ᠨᠥᠬᠦᠪᠥᠷᠢᠯᠡᠬᠦ ᠴᠢᠬᠤᠯᠠ ᠭᠠᠷᠳᠠᠴᠠ ᠪᠤᠯᠤᠨ᠎ᠠ᠂ ᠪᠦᠬᠦ ᠤᠳᠤᠷᠢᠳᠬᠤ ᠺᠠᠳ᠋ᠷᠴᠤᠳ ᠤᠶᠤᠨ ᠴᠢᠳᠠᠯ ᠢᠶᠠᠨ ᠲᠦᠪᠯᠡᠷᠡᠭᠦᠯᠵᠦ᠂ ᠬᠦᠴᠦ ᠪᠠᠨ ᠲᠦᠪᠯᠡᠷᠡᠭᠦᠯᠵᠦ᠂ ᠦᠵᠡᠯ ᠰᠠᠨᠠᠭ᠎ᠠ ᠪᠠᠨ ᠲᠦᠪᠯᠡᠷᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ《 ᠵᠠᠭᠤᠨ ᠡᠳᠦᠷ ᠤᠨ ᠪᠣᠭᠤᠮᠲᠠ ᠰᠢᠪᠲᠤᠯᠬᠤ 》ᠡᠯ᠎ᠡ ᠵᠦᠶᠯ ᠤᠨ ᠬᠠᠷᠠᠯᠲᠠ ᠡᠭᠦᠷᠭᠡ ᠳᠡᠭᠡᠷ᠎ᠡ ᠨᠢᠭᠡᠳᠭᠡᠵᠦ᠂ ᠦᠵᠡᠯ ᠰᠠᠨᠠᠭ᠎ᠠ ᠪᠠᠨ ᠨᠢᠭᠡᠳᠬᠡᠬᠦ ᠶᠢ ᠲᠡᠷᠢᠭᠦᠨ ᠪᠠᠶᠢᠷᠢᠨ ᠳᠤ ᠲᠠᠯᠪᠢᠵᠤ᠂《 ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ 》 ᠶᠢᠨ ᠴᠢᠬᠤᠯᠠ ᠴᠢᠨᠠᠷ᠂ ᠲᠤᠯᠭᠠᠮ᠎ᠠ ᠴᠢᠨᠠᠷ ᠢ ᠭᠦᠢᠴᠡᠳ ᠲᠠᠨᠢᠵᠤ᠂《 ᠠᠷᠪᠠᠨ ᠳᠥᠷᠪᠡᠳᠦᠭᠡᠷ ᠲᠠᠪᠤᠨ ᠵᠢᠯ ᠤᠨ ᠲᠦᠯᠦᠪᠵᠢᠭᠦᠯᠭᠡ 》 ᠶᠢᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠵᠦ᠂ ᠬᠤᠶᠢᠰᠢᠳᠠ ᠶᠢᠨ ᠡᠯ᠎ᠡ ᠵᠦᠶᠯ ᠤᠨ ᠠᠵᠢᠯ ᠢ ᠴᠢᠨᠠᠷ ᠰᠠᠶᠢᠲᠠᠶ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ᠂《 ᠵᠠᠭᠤᠨ ᠡᠳᠦᠷ ᠤᠨ ᠪᠣᠭᠤᠮᠲᠠ ᠰᠢᠪᠲᠤᠯᠬᠤ 》ᠪᠣᠳᠠᠲᠤ ᠦᠷ᠎ᠡ ᠪᠦᠲᠦᠮᠵᠢ ᠪᠠᠷ《 ᠬᠤᠶᠠᠷ ᠢ ᠬᠠᠮᠠᠭᠠᠯᠠᠬᠤ 》 ᠶᠢ ᠦᠢᠯᠡᠳᠦᠯᠭᠡᠵᠢᠭᠦᠯᠬᠦ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠠᠶᠢᠮᠠᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠥᠪ ᠤᠨ ᠠᠵᠢᠯ ᠤᠨ ᠲᠣᠭᠤᠷᠢᠨ ᠳᠤ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠪᠣᠯᠤᠨ ᠣᠨ  ᠤ ᠡᠯ᠎ᠡ ᠵᠦᠶᠯ ᠤᠨ ᠬᠠᠷᠠᠯᠲᠠ ᠡᠭᠦᠷᠭᠡ ᠲᠠᠢ ᠬᠠᠷᠭᠤᠭᠤᠯᠵᠤ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠬᠦᠷᠢᠶᠡᠨ ᠳᠤ ᠬᠢ 2021 ᠣᠨ ᠳᠤ ᠪᠡᠶᠡᠯᠡᠭᠦᠯᠵᠦ ᠳᠡᠶᠢᠯᠦᠭᠡᠳᠦᠶ ᠴᠢᠬᠤᠯᠠ ᠶᠡᠭᠡ ᠵᠦᠶᠯᠡᠰ᠂ ᠭᠤᠤᠯᠳᠠᠯᠭ᠎ᠠ ᠲᠠᠢ ᠠᠵᠢᠯ ᠢ ᠪᠥᠬᠦ ᠲᠠᠯ᠎ᠠ ᠪᠠᠷ ᠪᠠᠶᠢᠴᠠᠭᠠᠨ ᠪᠦᠷᠢᠳᠬᠡᠵᠦ᠂《 ᠠᠶᠢᠮᠠᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ〈 ᠵᠠᠭᠤᠨ ᠡᠳᠦᠷ ᠤᠨ ᠪᠣᠭᠤᠮᠲᠠ ᠰᠢᠪᠲᠤᠯᠬᠤ 〉ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ 》 ᠶᠢ ᠪᠦᠷᠢᠯᠳᠦᠭᠦᠯᠵᠦ᠂ ᠣᠳᠣᠬᠠᠨ ᠤ ᠠᠬᠢᠴᠠ ᠶᠢᠨ ᠪᠠᠶᠢᠳᠠᠯ᠂ ᠪᠣᠭᠤᠮᠲᠠ ᠰᠢᠪᠲᠤᠯᠬᠤ ᠬᠠᠷᠠᠯᠲᠠ ᠶᠢᠨ ᠠᠬᠢᠴᠠ ᠪᠣᠯᠤᠨ ᠪᠡᠶᠡᠯᠡᠭᠦᠯᠬᠦ ᠴᠠᠭ  ᠤᠨ ᠬᠢᠵᠠᠭᠠᠷ ᠢ ᠲᠣᠳᠣᠷᠬᠠᠶᠢᠯᠠᠵᠤ᠂ ᠠᠵᠢᠯ ᠢ ᠠᠬᠢᠭᠤᠯᠬᠤ ᠡᠬᠡ ᠲᠠᠩᠰᠠ ᠪᠠᠶᠢᠭᠤᠯᠬᠤ ᠬᠡᠷᠡᠭᠲᠡᠶ᠃ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ《 ᠵᠠᠭᠤᠨ ᠡᠳᠦᠷ ᠤᠨ ᠪᠣᠭᠤᠮᠲᠠ ᠰᠢᠪᠲᠤᠯᠬᠤ 》ᠠᠵᠢᠯᠯᠠᠭ᠎ᠠ ᠥᠷᠨᠢᠭᠦᠯᠬᠦ ᠬᠤᠭᠤᠴᠠᠭᠠᠨ ᠳᠤ ᠪᠦᠷᠢᠯᠳᠦᠭᠰᠡᠨ ᠠᠵᠢᠯ ᠤᠨ ᠲᠣᠭᠲᠠᠴᠠ᠂ ᠠᠷᠭ᠎ᠠ ᠬᠡᠮᠵᠢᠶ᠎ᠡ ᠶᠢ ᠢᠳᠡᠪᠬᠢᠲᠡᠶ ᠳᠡᠯᠭᠡᠷᠡᠭᠦᠯᠵᠦ᠂ ᠰᠠᠶᠢᠨ ᠲᠤᠷᠰᠢᠯᠭ᠎ᠠ ᠠᠷᠭ᠎ᠠ ᠬᠢᠳᠡᠯ ᠢ ᠲᠣᠭᠲᠠᠪᠤᠷᠢᠵᠢᠭᠤᠯᠵᠤ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠳᠤ ᠦᠶᠯᠡᠴᠢᠯᠡᠵᠦ᠂ ᠡᠭᠦᠷᠭᠡ ᠪᠠᠨ ᠪᠡᠶᠡᠯᠡᠭᠦᠯᠬᠦ ᠥᠬᠡᠶ ᠪᠣᠯ ᠲᠠᠯᠪᠢᠬᠤ ᠥᠬᠡᠶ᠂ ᠦᠷ᠎ᠡ ᠪᠦᠲᠦᠮᠵᠢ ᠨᠢ ᠪᠠᠷᠢᠮᠵᠢᠶ᠎ᠠ ᠳᠤ ᠬᠥᠷᠬᠦ ᠥᠬᠡᠶ ᠪᠣᠯ ᠵᠣᠭᠰᠣᠬᠤ ᠥᠬᠡᠶ ᠪᠠᠶᠢᠬᠤ ᠶᠢ ᠪᠡᠶᠡᠯᠡᠭᠦᠯᠬᠦ ᠬᠡᠷᠡᠭᠲᠡᠢ ᠭᠡᠪᠡ᠃
 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号