ᠬᠢᠩᠭᠠᠨ ᠠᠶᠢᠮᠠᠭ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠬᠥᠯᠥᠨ ᠪᠣᠶᠢᠷ ᠬᠤᠲᠠ ᠳᠤ ᠬᠦᠷᠴᠦ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2021/11/1
     ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠪᠠᠯᠠ ᠲᠣᠬᠢᠷᠠᠭᠤᠯᠭ᠎ᠠ ᠶᠢᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠵᠠᠰᠠᠭ ᠪᠠᠩᠬᠢ ᠠᠵᠤ ᠠᠬᠤᠶᠢᠯᠠᠯ ᠤᠨ ᠬᠠᠮᠲᠤᠷᠠᠯᠴᠠᠭᠠᠨ ᠤ ᠲᠠᠪᠴᠠᠩ  ᠢ ᠪᠠᠶᠢᠭᠤᠯᠤᠨ᠂ ᠣᠷᠣᠨ ᠪᠦᠰᠡ ᠶᠢᠨ ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠬᠥᠭᠵᠢᠯᠲᠡ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠵᠡᠷᠭᠡ ᠬᠦᠷᠢᠶᠡᠨ ᠳᠤ ᠬᠢ ᠭᠦᠨᠵᠡᠭᠡᠶ ᠠᠭᠤᠰᠤᠯᠴᠠᠯ ᠢ ᠴᠢᠩᠭᠠᠳᠬᠠᠬᠤ ᠶᠢᠨ ᠲᠥᠯᠥᠭᠡ᠂ 10 ᠳ᠋ᠤᠭᠠᠷ ᠰᠠᠷ᠎ᠠ ᠶᠢᠨ 21 ᠤ ᠡᠳᠦᠷ᠂ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠷᠠᠰᠢᠶᠠᠨ — ᠴᠠᠶ ᠾᠧ ᠵᠢᠭᠤᠯᠴᠢᠯᠠᠯ ᠤᠨ ᠠᠮᠠᠷᠠᠯᠲᠠ ᠶᠢᠨ ᠣᠷᠣᠨ᠂ ᠤᠯᠠᠭᠠᠨᠬᠤᠲᠠ ᠶᠢᠨ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠵᠠᠯᠠᠶᠢᠳ ᠬᠤᠰᠢᠭᠤᠨ ᠤ ᠱᠧᠨ ᠱᠠᠨ ᠵᠢᠭᠤᠯᠴᠢᠯᠠᠯ ᠤᠨ ᠠᠮᠠᠷᠠᠯᠲᠠ ᠶᠢᠨ ᠲᠣᠰᠬᠤᠨ᠂ ᠵᠠᠯᠠᠶᠢᠳ ᠬᠤᠰᠢᠭᠤᠨ ᠤ ᠠᠨᠳᠠ ᠬᠤᠸᠠᠷᠠᠨ ᠠᠮᠠᠷᠠᠯᠲᠠ ᠶᠢᠨ ᠲᠣᠰᠬᠤᠨ ᠵᠡᠷᠭᠡ 4 ᠠᠵᠤ ᠠᠬᠤᠶᠢᠯᠠᠯ ᠢ ᠵᠣᠬᠢᠶᠠᠨ ᠪᠠᠶᠢᠭᠤᠯᠤᠭᠠᠳ ᠬᠥᠯᠥᠨ ᠪᠣᠶᠢᠷ ᠬᠤᠲᠠ ᠳᠤ ᠬᠦᠷᠴᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠦᠶᠯᠡᠳᠪᠦᠷᠢ ᠬᠤᠳᠠᠯᠳᠤᠭᠠᠨ ᠤ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ᠡᠷᠭᠢᠯᠡᠭᠰᠡᠨ ᠵᠠᠰᠠᠭ ᠪᠠᠩᠬᠢ ᠠᠵᠤ ᠠᠬᠤᠶᠢᠯᠠᠯ ᠤᠨ ᠵᠣᠯᠭᠠᠭᠤᠯᠬᠤ ᠬᠤᠷᠠᠯ ᠳᠤ ᠣᠷᠣᠯᠴᠠᠪᠠ᠃      ᠵᠣᠯᠭᠠᠭᠤᠯᠬᠤ ᠬᠤᠷᠠᠯ ᠳᠡᠭᠡᠷ᠎ᠡ᠂ ᠦᠶᠯᠡᠳᠪᠦᠷᠢ ᠬᠤᠳᠠᠯᠳᠤᠭᠠᠨ ᠤ ᠪᠠᠩᠬᠢ ᠶᠢᠨ ᠬᠥᠯᠥᠨ ᠪᠣᠶᠢᠷ ᠲᠤ ᠬᠢ ᠬᠤᠪᠢᠶᠠᠷᠢ ᠪᠠᠩᠬᠢ ᠢᠲᠡᠭᠡᠮᠵᠢᠲᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠲᠠᠨᠢᠯᠴᠠᠭᠤᠯᠭ᠎ᠠ᠂ ᠬᠢᠩᠭᠠᠨ ᠠᠶᠢᠮᠠᠭ ᠂ ᠬᠥᠯᠥᠨ ᠪᠣᠶᠢᠷ ᠬᠤᠲᠠ᠂ ᠮᠠᠨᠵᠤᠤᠷ ᠬᠤᠲᠠ ᠭᠤᠷᠪᠠᠨ ᠭᠠᠵᠠᠷ ᠤᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ  ᠨᠢ ᠠᠵᠤ ᠠᠬᠤᠶᠢᠯᠠᠯ ᠤᠨ ᠦᠨᠳᠦᠰᠦᠨ ᠪᠠᠶᠢᠳᠠᠯ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ᠂ ᠪᠠᠩᠬᠢ ᠶᠢᠨ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠪᠠᠯᠠ ᠲᠣᠬᠢᠷᠠᠭᠤᠯᠭ᠎ᠠ ᠶᠢᠨ ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠲᠠᠯ᠎ᠠ ᠶᠢᠨ ᠲᠠᠨᠢᠯᠴᠠᠭᠤᠯᠭ᠎ᠠ ᠬᠢᠵᠠᠢ᠃ ᠦᠶᠯᠡᠳᠪᠦᠷᠢ ᠬᠤᠳᠠᠯᠳᠤᠭᠠᠨ ᠤ ᠪᠠᠩᠬᠢ ᠶᠢᠨ ᠥᠪᠥᠷ ᠮᠣᠩᠭᠤᠯ ᠳᠤ ᠬᠢ ᠬᠤᠪᠢᠶᠠᠷᠢ ᠪᠠᠩᠭᠢ ᠨᠢ ᠡᠯ᠎ᠡ ᠭᠠᠵᠠᠷ ᠤᠨ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠵᠢᠴᠢ ᠲᠥᠷᠥᠯ ᠵᠦᠶᠯ ᠳᠤ ᠵᠣᠯᠭᠠᠭᠤᠯᠤᠯᠲᠠ ᠶᠢᠨ ᠬᠠᠷᠢᠭᠤ ᠲᠤᠰᠬᠠᠯ ᠢ ᠨᠡᠶᠢᠲᠡᠯᠡᠪᠡ᠃      ᠲᠣᠰ ᠤᠳᠠᠭᠠᠨ ᠤ ᠵᠣᠯᠭᠠᠭᠤᠯᠬᠤ ᠬᠤᠷᠠᠯ ᠨᠢ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠪᠣᠯᠤᠨ ᠪᠠᠩᠬᠢ ᠶᠢᠨ ᠪᠠᠯᠠ ᠬᠤᠷᠠᠮᠳᠤᠭᠤᠯᠬᠤ ᠬᠠᠮᠲᠤᠷᠠᠯᠴᠠᠭ᠎ᠠ ᠳᠤ ᠬᠥᠭᠦᠷᠭᠡ ᠲᠠᠯᠪᠢᠵᠤ᠂ ᠰᠣᠶᠣᠯ ᠵᠢᠭᠤᠯᠴᠢᠯᠠᠯ ᠤᠨ ᠲᠥᠷᠥᠯ ᠵᠦᠶᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠳᠤ ᠪᠠᠲᠤ ᠪᠠᠬᠢ ᠪᠠᠲᠤᠯᠠᠭ᠎ᠠ ᠬᠠᠩᠭᠠᠨ᠂ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠴᠢᠨᠠᠷ ᠰᠠᠶᠢᠲᠠᠶ ᠠᠭᠤᠰᠤᠯᠴᠠᠨ ᠬᠥᠭᠵᠢᠬᠦ ᠶᠢ ᠠᠬᠢᠭᠤᠯᠪᠠ᠃
 
ᠢᠷᠡᠯᠲᠡ᠄ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号