2021ᠣᠨ ᠳᠤ ᠤᠯᠠᠭᠠᠨᠬᠠᠳᠠ ᠣᠷᠣᠨ ᠤ ᠨᠣᠮ ᠤᠨ ᠰᠠᠩᠴᠢ ᠶᠢᠨ ᠰᠤᠳᠤᠯᠤᠨ ᠰᠤᠷᠤᠯᠴᠠᠬᠤ ᠠᠩᠭᠢ ᠶᠢ ᠨᠢᠩᠴᠧᠩ ᠰᠢᠶᠠᠨ ᠳᠤ ᠠᠮᠵᠢᠯᠲᠠ ᠲᠠᠢ ᠡᠷᠭᠢᠯᠡᠪᠡ
ᠨᠡᠶᠢᠲᠡᠯᠡᠭᠰᠡᠨ ᠴᠠᠭ᠄
2021/11/1
     10 ᠳ᠋ᠤᠭᠠᠷ ᠰᠠᠷ᠎ᠠ ᠶᠢᠨ 21 — 22 ᠤᠨ ᠡᠳᠦᠷ ᠪᠣᠯᠲᠠᠯ᠎ᠠ᠂ ︽2021 ᠣᠨ ᠤ ᠤᠯᠠᠭᠠᠨᠬᠠᠳᠠ ᠣᠷᠣᠨ ᠤ ᠨᠣᠮ ᠤᠨ ᠰᠠᠩᠴᠢ ᠶᠢᠨ ᠰᠤᠳᠤᠯᠤᠨ ᠰᠤᠷᠤᠯᠴᠠᠬᠤ ᠠᠩᠭᠢ︾ ᠶᠢ ᠤᠯᠠᠭᠠᠨᠬᠠᠳᠠ ᠬᠤᠲᠠ ᠶᠢᠨ ᠨᠢᠩᠴᠧᠩ ᠰᠢᠶᠠᠨ ᠳᠤ ᠠᠮᠵᠢᠯᠲᠠ ᠲᠠᠢ ᠡᠷᠭᠢᠯᠡᠪᠡ᠃ ᠤᠯᠠᠭᠠᠨᠬᠠᠳᠠ ᠬᠤᠲᠠ ᠶᠢᠨ ᠨᠣᠮ ᠤᠨ ᠰᠠᠩ᠂ ᠤᠯᠠᠭᠠᠨᠬᠠᠳᠠ ᠬᠤᠲᠠ ᠶᠢᠨ ᠡᠯ᠎ᠡ ᠶᠡᠭᠡ ᠳᠡᠭᠡᠳᠦ ᠰᠤᠷᠭᠠᠭᠤᠯᠢ ᠶᠢᠨ ᠨᠣᠮ ᠤᠨ ᠰᠠᠩ᠂ ᠡᠯ᠎ᠡ ᠬᠤᠰᠢᠭᠤ ᠰᠢᠶᠠᠨ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ᠂ ᠨᠣᠮ ᠤᠨ ᠰᠠᠩ ᠵᠢᠴᠢ ᠲᠦᠩᠯᠢᠶᠣᠤ ᠬᠤᠲᠠ ᠶᠢᠨ ᠨᠣᠮ ᠤᠨ ᠰᠠᠩ ᠠᠴᠠ ᠢᠷᠡᠭᠰᠡᠨ 160 ᠭᠠᠷᠤᠶ  ᠰᠤᠷᠤᠯᠭᠠᠲᠠᠳ ᠰᠤᠷᠤᠯᠴᠠᠯᠭ᠎ᠠ ᠳᠤ ᠣᠷᠤᠯᠴᠠᠵᠠᠢ᠃
     ᠲᠣᠰ ᠤᠳᠠᠭᠠᠨ ᠤ ᠰᠤᠳᠤᠯᠤᠨ ᠰᠤᠷᠤᠯᠴᠠᠬᠤ ᠠᠩᠭᠢ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠤᠯᠭᠤᠷ ᠪᠢᠴᠢᠭ ᠨᠢᠭᠤᠴᠠ ᠮᠡᠳᠡᠭᠡᠨ ᠤ ᠲᠥᠪ ᠤᠨ ︽ᠨᠣᠮ ᠪᠢᠴᠢᠭ ᠨᠢᠭᠤᠴᠠ ᠮᠡᠳᠡᠭᠡᠨ ᠤ ᠠᠵᠢᠯ︾ ᠰᠡᠳᠬᠦᠯ ᠤᠨ ᠬᠤᠷᠢᠶᠠᠨ ᠤ ᠳᠠᠷᠤᠭ᠎ᠠ᠂ ᠭᠤᠣᠯ ᠨᠠᠶᠢᠷᠠᠭᠤᠯᠤᠭᠴᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠶᠡᠭᠡ ᠰᠤᠷᠭᠠᠭᠤᠯᠢ ᠶᠢᠨ ᠨᠣᠮ ᠪᠢᠴᠢᠭ ᠮᠡᠳᠡᠭᠡ ᠵᠠᠩᠭᠢ ᠪᠠ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠰᠠᠯᠪᠤᠷᠢ ᠶᠢᠨ ᠡᠷᠬᠢᠯᠡᠭᠴᠢ ᠴᠦ᠋ ᠵᠢᠩ ᠯᠢ ᠫᠷᠤᠹᠧᠰᠰᠤᠷ᠂ ᠪᠡᠭᠡᠵᠢᠩ ᠶᠡᠭᠡ ᠰᠤᠷᠭᠠᠭᠤᠯᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠠᠯᠪᠤᠷᠢ ᠶᠢᠨ ᠨᠠᠮ ᠤᠨ ᠬᠤᠷᠢᠶᠠᠨ ᠤ ᠱᠦᠵᠢ᠂ ᠰᠠᠯᠪᠤᠷᠢ ᠶᠢᠨ ᠡᠷᠬᠢᠯᠡᠭᠴᠢ ᠵᠠᠩ ᠵᠢᠦ ᠵᠧᠨ ᠫᠷᠤᠹᠧᠰᠰᠤᠷ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠤᠯᠭᠤᠷ ᠪᠢᠴᠢᠭ ᠮᠡᠳᠡᠭᠡ ᠵᠠᠩᠭᠢ ᠶᠢᠨ ᠲᠥᠪ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠬᠡᠯᠲᠡᠰ ᠤᠨ ᠡᠷᠬᠢᠯᠡᠭᠴᠢ ᠵᠤᠤ ᠶᠠᠨ ᠫᠷᠤᠹᠧᠰᠰᠤᠷ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠶᠡᠭᠡ ᠰᠤᠷᠭᠠᠭᠤᠯᠢ ᠶᠢᠨ ᠨᠣᠮ ᠪᠢᠴᠢᠭ ᠤᠨ ᠮᠡᠳᠡᠭᠡᠯᠡᠯ ᠪᠠ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠰᠠᠯᠪᠤᠷᠢ ᠶᠢᠨ ᠮᠡᠳᠡᠭᠡ ᠵᠠᠩᠭᠢ ᠶᠢᠨ ᠬᠡᠪ ᠪᠣᠯᠪᠠᠰᠤᠷᠠᠯ ᠵᠢᠭᠠᠨ ᠰᠤᠳᠤᠯᠬᠤ ᠲᠠᠰᠤᠭ ᠤᠨ ᠳᠡᠳ᠋ ᠡᠷᠬᠢᠯᠡᠭᠴᠢ ᠯᠢ ᠯᠢᠩ ᠫᠷᠤᠹᠧᠰᠰᠤᠷ᠂ ᠪᠡᠭᠡᠵᠢᠩ ᠤᠨ ᠯᠸᠢ ᠰᠦ᠋ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠪᠡᠭᠡᠵᠢᠩ ᠤᠨ ᠪᠢ ᠰᠢᠦᠢ ᠰᠣᠶᠣᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠦ ᠶᠢᠨ ᠱᠠᠨ ᠳ᠋ᠣᠺᠲ᠋ᠣᠷ ᠵᠡᠷᠭᠡ ᠤᠯᠤᠰ  ᠤᠨ ᠳᠣᠲᠣᠭᠠᠳᠤ ᠶᠢᠨ ᠲᠠᠪᠤᠨ ᠨᠡᠷᠡᠳᠤ ᠲᠤᠰᠬᠠᠢ ᠮᠡᠷᠭᠡᠵᠢᠯᠲᠡᠨ ᠫᠷᠤᠹᠧᠰᠰᠤᠷ ᠢ ᠤᠷᠢᠭᠠᠳ ᠲᠤᠰᠬᠠᠢ ᠰᠡᠳᠦᠪ ᠢᠶᠠᠷ ᠬᠢᠴᠢᠶᠡᠯ ᠣᠷᠣᠪᠠ᠃
     ᠲᠣᠰ ᠤᠳᠠᠭᠠᠨ ᠤ ᠰᠤᠳᠤᠯᠤᠨ ᠰᠤᠷᠤᠯᠴᠠᠬᠤ ᠠᠩᠭᠢ ᠳᠤ ᠪᠠᠰᠠ ᠤᠯᠠᠭᠠᠨᠬᠠᠳᠠ ᠶᠢᠨ ᠳᠤᠷᠠᠰᠤᠮᠵᠢ ᠶᠢᠨ ᠵᠢᠷᠭᠤᠳᠤᠭᠠᠷ ᠬᠤᠭᠤᠴᠠᠭᠠᠨ ᠤ ︽ᠰᠣᠶᠣᠯ ᠵᠢᠭᠤᠯᠴᠢᠯᠠᠯ ᠤᠨ ᠲᠤᠰᠬᠠᠶ ᠰᠡᠳᠦᠪ︾ ᠢ ᠨᠡᠶᠢᠲᠡᠯᠡᠬᠦ ᠶᠣᠰᠣᠯᠠᠯ ᠬᠢᠵᠡᠢ᠃ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠪᠣᠯᠤᠨ ᠬᠦᠨᠳᠦᠲᠦ ᠵᠣᠴᠢᠳ ᠬᠠᠮᠲᠤ ᠪᠠᠷ ᠤᠯᠠᠭᠠᠨᠬᠠᠳᠠ ᠶᠢᠨ ᠳᠤᠷᠠᠰᠤᠮᠵᠢ ᠶᠢᠨ ᠵᠢᠷᠭᠤᠳᠤᠭᠠᠷ ᠬᠤᠭᠤᠴᠠᠭᠠᠨ ᠤ ︽ᠰᠣᠶᠣᠯ ᠵᠢᠭᠤᠯᠴᠢᠯᠠᠯ ᠤᠨ ᠲᠤᠰᠬᠠᠶ ᠰᠡᠳᠦᠪ︾ ᠢ  ᠡᠬᠢᠯᠡᠭᠦᠯᠦᠭᠰᠡᠨ ᠪᠥᠭᠡᠳ ᠤᠯᠠᠭᠠᠨᠬᠠᠳᠠ ᠶᠢᠨ ᠳᠤᠷᠠᠰᠤᠮᠵᠢ ᠶᠢᠨ ᠵᠢᠷᠭᠤᠳᠤᠭᠠᠷ ᠬᠤᠭᠤᠴᠠᠭᠠᠨ ᠤ ︽ᠰᠣᠶᠣᠯ ᠵᠢᠭᠤᠯᠴᠢᠯᠠᠯ ᠤᠨ ᠲᠤᠰᠬᠠᠶ ᠰᠡᠳᠦᠪ︾ ᠤᠬᠠᠭᠤᠯᠭ᠎ᠠ ᠶᠢᠨ ᠹᠢᠯᠢᠮ ︽ᠤᠯᠠᠭᠠᠨᠬᠠᠳᠠ᠄ ᠰᠣᠶᠣᠯ ᠵᠢᠭᠤᠯᠴᠢᠯᠠᠯ ᠤᠨ ᠠᠭᠤᠰᠤᠯᠴᠠᠯ ᠰᠢᠨ᠎ᠡ ᠠᠶᠠᠯᠠᠯ ᠢ ᠡᠬᠢᠯᠡᠭᠦᠯᠦᠯ᠎ᠡ︾ ᠶᠢ ᠦᠵᠡᠪᠡ᠃
     ᠲᠣᠰ ᠤᠳᠠᠭᠠᠨ ᠤ ᠰᠤᠳᠤᠯᠤᠨ ᠰᠤᠷᠤᠯᠴᠠᠬᠤ ᠠᠩᠭᠢ ᠶᠢᠨ ᠨᠣᠮ ᠤᠨ ᠰᠠᠩ ᠤᠨ ᠦᠨᠳᠦᠰᠦᠨ ᠠᠰᠠᠭᠤᠳᠠᠯ ᠬᠢᠭᠡᠳ ᠲᠠᠨᠢᠨ ᠮᠡᠳᠡᠬᠦᠶ᠂ ᠡᠬᠢ ᠪᠠᠶᠠᠯᠢᠭ ᠤᠨ ᠪᠥᠲᠥᠭᠡᠨ ᠪᠠᠶᠢᠭᠤᠯᠤᠯᠲᠠ ᠶᠢᠨ ᠵᠠᠭᠪᠤᠷ᠂ ᠬᠡᠷᠡᠭᠯᠡᠭᠴᠢᠳ ᠤᠨ ᠦᠶᠯᠡᠴᠢᠯᠡᠭᠡ ᠬᠢᠭᠡᠳ ᠮᠡᠳᠡᠭᠡ ᠵᠠᠩᠭᠢ ᠶᠢᠨ ᠬᠡᠪ ᠪᠣᠯᠪᠠᠰᠤᠷᠠᠯ᠂ ᠣᠷᠣᠨ ᠪᠦᠰᠡ ᠶᠢᠨ ᠴᠡᠭᠡᠵᠢᠯᠡᠬᠦᠶ ᠪᠠ ᠰᠣᠶᠣᠯ  ᠤᠨ ᠤᠯᠠᠮᠵᠢᠯᠠᠯ᠂ ᠮᠡᠳᠡᠭᠡ ᠵᠠᠩᠭᠢ ᠶᠢᠨ ᠬᠠᠶᠢᠯᠲᠠ ᠶᠢᠨ ᠣᠭ ᠶᠣᠰᠣ ᠬᠢᠭᠡᠳ ᠠᠷᠭ᠎ᠠ ᠪᠣᠳᠣᠯᠭ᠎ᠠ ᠵᠡᠷᠭᠡ ᠲᠠᠯ᠎ᠠ ᠨᠢ ᠡᠯ᠎ᠡ ᠨᠣᠮ ᠤᠨ ᠰᠠᠩ ᠤᠨ ᠢᠷᠡᠭᠡᠳᠦᠶ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠵᠢᠴᠢ ᠬᠠᠮᠢᠶᠠᠷᠤᠯᠲᠠ ᠳᠤ ᠭᠦᠨᠵᠡᠭᠡᠶ ᠵᠢᠯᠣᠭᠤᠳᠬᠤ ᠠᠴᠢ ᠬᠤᠯᠪᠣᠭᠳᠠᠯ ᠲᠠᠢ ᠶᠤᠮ᠃ ᠡᠭᠦᠨ ᠤ ᠬᠠᠮᠲᠤ ᠤᠯᠠᠭᠠᠨᠬᠠᠳᠠ ᠬᠤᠲᠠ ᠶᠢᠨ ᠨᠣᠮ ᠤᠨ ᠰᠠᠩ ᠪᠠ ᠲᠦᠩᠯᠢᠶᠣᠤ ᠬᠤᠲᠠ ᠶᠢᠨ ᠨᠣᠮ ᠤᠨ ᠰᠠᠩ ᠳᠤ ᠭᠦᠨᠵᠡᠭᠡᠶ ᠰᠣᠯᠢᠯᠴᠠᠨ ᠶᠠᠷᠢᠯᠴᠠᠬᠤ ᠲᠠᠪᠴᠠᠩ ᠬᠠᠩᠭᠠᠵᠤ᠂ ᠤᠯᠠᠭᠠᠨᠬᠠᠳᠠ ᠣᠷᠣᠨ ᠤ ᠣᠯᠠᠨ ᠨᠡᠶᠢᠲᠡ ᠶᠢᠨ ᠨᠣᠮ ᠤᠨ ᠰᠠᠩ ᠪᠠ ᠶᠡᠭᠡ ᠳᠡᠭᠡᠳᠦ ᠰᠤᠷᠭᠠᠭᠤᠯᠢ ᠶᠢᠨ ᠨᠣᠮ ᠤᠨ ᠰᠠᠩ ᠳᠤ ᠣᠨᠣᠯ ᠬᠢᠭᠡᠳ ᠦᠶᠯᠡᠳᠦᠯᠭᠡ ᠶᠢ ᠬᠤᠯᠪᠤᠬᠤ ᠬᠥᠭᠦᠷᠭᠡ ᠲᠠᠯᠪᠢᠨ᠂ ᠡᠯ᠎ᠡ ᠨᠣᠮ ᠤᠨ ᠰᠠᠩ ᠤᠨ ᠵᠣᠬᠢᠴᠠᠭᠤᠯᠭ᠎ᠠ ᠪᠠ ᠬᠠᠮᠲᠤᠷᠠᠯᠴᠠᠭ᠎ᠠ ᠶᠢ ᠴᠢᠩᠭᠠᠳᠬᠠᠵᠠᠢ᠃ ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂  ᠰᠤᠷᠤᠯᠭᠠᠲᠠᠳ ᠰᠤᠳᠤᠯᠤᠨ ᠰᠤᠷᠤᠯᠴᠠᠬᠤ ᠠᠩᠭᠢ ᠠᠴᠠ ᠰᠣᠷᠣᠭᠰᠠᠨ ᠰᠢᠨ᠎ᠡ ᠣᠨᠣᠯ ᠂ ᠰᠢᠨ᠎ᠡ ᠤᠷ᠎ᠠ ᠴᠢᠳᠠᠪᠤᠷᠢ᠂ ᠰᠢᠨ᠎ᠡ ᠦᠶᠯᠡᠴᠢᠯᠡᠭᠡᠨ ᠤ ᠵᠠᠭᠪᠤᠷ ᠢ ᠬᠤᠶᠢᠰᠢᠳᠠ ᠶᠢᠨ ᠪᠣᠳᠠᠲᠠᠶ ᠠᠵᠢᠯ ᠤᠨ ᠳᠤᠮᠳᠠ  ᠪᠠᠨ ᠠᠰᠢᠭᠯᠠᠵᠤ᠂ ᠤᠩᠰᠢᠭᠴᠢᠳ ᠲᠤ ᠨᠠᠩ ᠰᠠᠶᠢᠨ ᠦᠢᠯᠡᠴᠢᠯᠡᠨ᠎ᠡ ᠭᠡᠵᠦ ᠢᠯᠡᠷᠬᠡᠶᠢᠯᠡᠵᠡᠭᠡᠪᠡ᠃
 
ᠢᠷᠡᠯᠲᠡ᠄ ᠤᠯᠠᠭᠠᠨᠬᠠᠳᠠ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号