ᠬᠤᠯᠠᠳᠠᠬᠢᠨ ᠢ ᠲᠤᠭᠲᠠᠭᠠᠭᠴᠢ ᠬᠤᠷᠢᠶ᠎ᠠ ᠶᠢᠨ ᠡᠷᠲᠡᠨ ᠤ ᠬᠤᠲᠠ ᠨᠢ ᠥᠪᠥᠷ ᠮᠣᠩᠭᠤᠯ ᠤᠨ ᠠᠩᠬᠠᠳᠠᠭᠴᠢ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ  ᠢᠶᠠᠷ ᠦᠨᠡᠯᠡᠭᠳᠡᠪᠡ
ᠨᠡᠶᠢᠲᠡᠯᠡᠭᠰᠡᠨ ᠴᠠᠭ᠄
2021/11/12
     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠩᠬᠠᠳᠠᠭᠴᠢ ᠪᠦᠯᠦᠭ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠤᠨ ᠨᠡᠷᠡᠰ ᠢ ᠨᠡᠶᠢᠲᠡᠯᠡᠵᠦ᠂ ᠠᠯᠠᠱᠠ ᠵᠡᠭᠦᠨ ᠬᠤᠰᠢᠭᠤᠨ ᠤ ᠬᠤᠯᠠᠳᠠᠬᠢᠨ ᠢ ᠲᠤᠭᠲᠠᠭᠠᠭᠴᠢ ᠬᠤᠷᠢᠶ᠎ᠠ ᠶᠢᠨ ᠡᠷᠲᠡᠨ ᠤ ᠬᠤᠲᠠ ᠶᠢᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠠᠮᠵᠢᠯᠲᠠ ᠲᠠᠢ ᠰᠣᠩᠭᠤᠭᠳᠠᠪᠠ  ᠃      ᠬᠤᠯᠠᠳᠠᠬᠢᠨ ᠢ ᠲᠤᠭᠲᠠᠭᠠᠭᠴᠢ ᠬᠤᠷᠢᠶ᠎ᠠ ᠶᠢᠨ ᠡᠷᠲᠡᠨ ᠤ ᠬᠤᠲᠠ ᠨᠢ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠬᠤᠲᠠ ᠶᠢᠨ ᠲᠣᠭᠤᠷᠢᠭ ᠲᠤ ᠪᠠᠶᠢᠷᠢᠯᠠᠵᠤ᠂ ᠤᠯᠤᠰ ᠤᠨ 4 A ᠲᠠᠰ ᠤᠨ ᠵᠢᠭᠤᠯᠴᠢᠯᠠᠯ  ᠤᠨ ᠦᠵᠡᠮᠵᠢ ᠶᠢᠨ ᠣᠷᠣᠨ᠂ ᠪᠥᠬᠦ ᠤᠯᠤᠰ ᠤᠨ ᠭᠤᠤᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠨᠢᠭᠡᠴᠢ ᠪᠣᠯᠤᠨ᠎ᠠ  ᠃ ᠬᠤᠯᠠᠳᠠᠬᠢᠨ ᠢ ᠲᠤᠭᠲᠠᠭᠠᠭᠴᠢ ᠬᠤᠷᠢᠶ᠎ᠠ ᠶᠢᠨ ᠡᠷᠲᠡᠨ ᠤ ᠬᠤᠲᠠ ᠶᠢᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠨᠢ ᠢᠯᠡ ᠲᠣᠳᠣ ᠰᠣᠶᠣᠯ ᠤᠨ ᠭᠤᠤᠯ ᠰᠡᠳᠦᠪ ᠪᠠ ᠣᠷᠣᠨ ᠨᠤᠲᠤᠭ ᠤᠨ ᠣᠨᠴᠠᠯᠢᠭ ᠲᠠᠢ  ᠃ ᠵᠡᠭᠡᠯᠢ ᠲᠣᠭᠤᠷᠢᠭ ᠨᠢ ᠡᠷᠲᠡᠨ ᠤ ᠬᠤᠲᠠ ᠶᠢᠨ ᠲᠡᠦᠬᠡ ᠰᠣᠶᠣᠯ ᠤᠨ ᠶᠡᠷᠦᠩᠬᠡᠶᠢᠯᠡᠭᠰᠡᠨ ᠦᠵᠡᠭᠦᠯᠭᠡ ᠶᠢᠨ ᠲᠣᠭᠤᠷᠢᠭ᠂ ᠲᠡᠦᠬᠡ ᠶᠢᠨ ᠳᠤᠷᠠᠰᠬᠠᠯᠲᠤ ᠵᠦᠶᠯᠡᠰ ᠤᠨ ᠡᠷᠲᠡᠨ ᠤ ᠡᠳ᠋ ᠬᠠᠴᠢᠨ ᠴᠢᠯᠠᠭᠤᠨ ᠤ ᠣᠷᠣᠨ᠂ ᠵᠢᠭᠤᠯᠴᠢᠯᠠᠭᠴᠢᠳ ᠤᠨ ᠪᠡᠶᠡᠴᠢᠯᠡᠨ ᠣᠶᠢᠯᠠᠭᠠᠬᠤ ᠣᠷᠣᠨ᠂ ᠤᠨᠴᠠᠯᠢᠭᠳᠤ ᠢᠳᠡᠭᠡᠨ ᠤᠮᠳᠠᠭᠠᠨ ᠬᠤᠨᠤᠭ ᠤᠨ ᠭᠠᠵᠠᠷ᠂ ᠰᠣᠶᠣᠯ ᠵᠢᠭᠤᠯᠴᠢᠯᠠᠯ ᠤᠨ ᠦᠢᠯᠡᠳᠬᠦᠨ ᠪᠣᠷᠣᠯᠠᠭᠤᠯᠬᠤ ᠣᠷᠣᠨ᠂ ᠤᠯᠠᠮᠵᠢᠯᠠᠯᠲᠤ ᠭᠠᠷ ᠤᠷᠠᠯᠠᠯ ᠦᠶᠯᠡᠳᠴᠦ ᠳᠡᠯᠭᠡᠨ ᠪᠣᠷᠣᠯᠠᠭᠤᠯᠬᠤ ᠲᠣᠭᠤᠷᠢᠭ᠂ ᠸᠠᠩ ᠤᠨ ᠣᠷᠳᠣᠨ ᠤ ᠵᠠᠩ ᠦᠢᠯᠡ ᠶᠢ ᠪᠡᠶᠡᠴᠢᠯᠡᠨ ᠣᠶᠢᠯᠠᠭᠠᠬᠤ ᠲᠣᠭᠤᠷᠢᠭ᠂ ᠡᠷᠲᠡᠨ ᠤ ᠠᠷᠠᠳ ᠤᠨ ᠤᠷᠤᠨ ᠰᠠᠭᠤᠴᠠ ᠶᠢ ᠪᠡᠶᠡᠴᠢᠯᠡᠨ ᠣᠶᠢᠯᠠᠭᠠᠬᠤ ᠲᠣᠭᠤᠷᠢᠭ᠂ ᠡᠷᠲᠡᠨ ᠤ ᠬᠤᠲᠠ ᠶᠢᠨ ᠰᠣᠶᠣᠯ ᠤᠨ ᠴᠤᠭᠯᠠᠭ᠎ᠠ ᠮᠠᠶᠢᠮᠠᠶ ᠶᠢᠨ ᠰᠥᠨᠢ ᠶᠢᠨ ᠵᠠᠬ᠎ᠠ ᠳᠡᠯᠭᠡᠭᠦᠷ ᠪᠠᠷ ᠪᠦᠷᠢᠯᠲᠦᠵᠦ᠂ ᠤᠳᠤ ᠨᠢᠭᠡᠨᠲᠡ ᠵᠢᠭᠤᠯᠴᠢᠯᠠᠨ ᠰᠡᠯᠡᠭᠦᠴᠡᠬᠦ᠂  ᠰᠣᠶᠣᠯ   ᠢ ᠪᠡᠶᠡᠲᠡᠨ ᠤᠶᠢᠯᠠᠭᠠᠬᠤ ᠪᠠ ᠣᠯᠠᠨ ᠨᠡᠶᠢᠲᠡ ᠶᠢᠨ ᠦᠶᠯᠡᠴᠢᠯᠡᠭᠡ ᠵᠡᠷᠭᠡ ᠴᠢᠳᠠᠮᠵᠢ ᠶᠢ  ᠪᠦᠷᠢᠳᠦᠭᠦᠯᠦᠨ᠂ ᠲᠣᠭᠤᠷᠢᠨ ᠦᠵᠡᠬᠦ᠂ ᠢᠳᠡᠭᠡᠨ ᠤᠮᠳᠠᠭᠠᠨ᠂ ᠵᠤᠭ᠎ᠠ ᠴᠡᠩᠭᠡᠯ᠂ ᠪᠠᠷᠠᠭ᠎ᠠ ᠬᠤᠳᠠᠯᠳᠤᠨ ᠠᠪᠬᠤ᠂ ᠬᠤᠨᠣᠬᠤ᠂ ᠰᠡᠯᠡᠭᠦᠴᠡᠯ ᠵᠡᠷᠭᠡ ᠡᠵᠡᠩᠨᠡᠯᠲᠡ ᠶᠢᠨ ᠬᠡᠯᠪᠡᠷᠢ ᠶᠢ ᠤᠶᠠᠯᠳᠤᠭᠤᠯᠤᠨ᠂ ᠬᠡᠷᠡᠭᠯᠡᠭᠡᠨ ᠤ ᠳᠠᠯᠳᠠ ᠬᠦᠴᠦᠨ ᠢ ᠬᠦᠭᠵᠢᠭᠡᠵᠦ᠂ ᠠᠯᠠᠱᠠ ᠵᠡᠭᠦᠨ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠵᠡᠷᠭᠡ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠪᠤᠯᠤᠭᠰᠠᠨ ᠶᠤᠮ  ᠃
 
ᠢᠷᠡᠯᠲᠡ᠄ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号