ᠪᠥᠬᠦ ᠠᠷᠠᠳ ᠢᠶᠠᠷ ᠢᠶᠠᠨ ᠨᠣᠮ ᠣᠩᠰᠢᠬᠤ ᠶᠢ ᠤᠷᠢᠶᠠᠯᠠᠵᠤ《 ᠪᠢᠴᠢᠭ ᠤᠨ ᠰᠤᠷᠪᠤᠯᠵᠢᠲᠤ ᠪᠠᠶᠢᠭᠤᠯᠭ᠎ᠠ 》 ᠶᠢ ᠬᠠᠮᠲᠤ ᠪᠠᠷ ᠪᠠᠶᠢᠭᠤᠯᠤᠶ᠎ᠠ —  ᠥᠪᠥᠷ ᠮᠣᠩᠭᠤᠯ ᠤᠨ ᠨᠣᠮ ᠤᠨ ᠰᠠᠩ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ  ᠮᠠᠰᠢᠨ ᠲᠡᠷᠭᠡᠨ ᠤ ᠭᠤᠷᠪᠠᠳᠤᠭᠠᠷ ᠦᠶᠯᠡᠴᠢᠯᠡᠭᠡᠨ ᠤ ᠲᠥᠪ ᠤᠨ ᠬᠤᠪᠢᠶᠠᠷᠢ ᠣᠷᠳᠣᠨ ᠵᠢᠩᠬᠢᠨᠢ ᠪᠠᠷ ᠫᠠᠶᠢᠰᠠ ᠡᠯᠭᠦᠨ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2021/11/12
     ᠪᠠᠶᠢᠭᠤᠯᠭ᠎ᠠ ᠶᠢᠨ ᠺᠠᠳ᠋ᠷᠴᠤᠳ ᠤᠨ ᠰᠤᠷᠤᠯᠴᠠᠯᠭ᠎ᠠ ᠣᠩᠰᠢᠯᠭ᠎ᠠ  ᠶᠢᠨ ᠬᠡᠷᠡᠭᠴᠡᠭᠡ ᠶᠢ ᠤᠯᠠᠮ ᠨᠢᠭᠡ ᠠᠯᠬᠤᠮ ᠬᠠᠩᠭᠠᠵᠤ᠂ ᠰᠤᠷᠤᠯᠴᠠᠬᠤ  ᠮᠠᠶ᠋ᠢᠭ  ᠤᠨ ᠪᠠᠶᠢᠭᠤᠯᠭ᠎ᠠ ᠶᠢᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ 11 ᠳ᠋ᠦ᠋ᠭᠡᠷ ᠰᠠᠷ᠎ᠠ ᠶᠢᠨ 9 ᠤ ᠡᠳᠦᠷ᠂ ᠥᠪᠥᠷ ᠮᠣᠩᠭᠤᠯ ᠤᠨ ᠨᠣᠮ ᠤᠨ ᠰᠠᠩ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ  ᠮᠠᠰᠢᠨ ᠲᠡᠷᠭᠡᠨ ᠤ ᠭᠤᠷᠪᠠᠳᠤᠭᠠᠷ ᠦᠶᠯᠡᠴᠢᠯᠡᠭᠡᠨ ᠤ ᠲᠥᠪ ᠤᠨ ᠬᠤᠪᠢᠶᠠᠷᠢ ᠣᠷᠳᠣᠨ ᠵᠢᠩᠬᠢᠨᠢ ᠪᠠᠷ ᠫᠠᠶᠢᠰᠠ ᠡᠯᠭᠦᠨ ᠪᠠᠶᠢᠭᠤᠯᠤᠭᠳᠠᠵᠤ᠂ ᠬᠤᠶᠠᠷ ᠲᠠᠯ᠎ᠠ ᠶᠢᠨ ᠲᠥᠯᠥᠭᠡᠯᠡᠭᠴᠢᠳ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠣᠮ ᠤᠨ ᠰᠠᠩ ᠤᠨ ᠬᠤᠪᠢᠶᠠᠷᠢ ᠣᠷᠳᠣᠨ ᠢ ᠬᠠᠮᠲᠤ ᠪᠠᠷ ᠪᠠᠶᠢᠭᠤᠯᠬᠤ ᠵᠥᠪᠯᠡᠯᠴᠡᠭᠡᠷ ᠤᠨ ᠪᠢᠴᠢᠭ 》 ᠲᠤ ᠬᠠᠮᠲᠤ ᠪᠠᠷ ᠭᠠᠷ ᠤᠨ ᠥᠰᠥᠭ ᠵᠢᠷᠤᠪᠠ᠃
     ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠶᠢᠨ ᠳᠠᠷᠤᠭ᠎ᠠ ᠼᠤᠤ ᠵᠢᠶᠠᠨ ᠧᠨ᠂ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠵᠧᠩ ᠰᠢᠩ ᠸᠠᠩ  ᠬᠤᠪᠢᠶᠠᠷᠢ ᠣᠷᠳᠣᠨ ᠤ ᠫᠠᠶᠢᠰᠠ ᠶᠢ ᠬᠠᠮᠲᠤ ᠪᠠᠷ ᠰᠡᠬᠦᠪᠡ᠃ ᠥᠪᠥᠷ ᠮᠣᠩᠭᠤᠯ ᠤᠨ ᠨᠣᠮ ᠤᠨ ᠰᠠᠩ ᠤᠨ ᠨᠠᠮ ᠤᠨ ᠶᠡᠷᠦᠩᠬᠡᠶ ᠡᠭᠦᠷ ᠤᠨ ᠱᠦᠵᠢ ᠾᠧ ᠶᠠ ᠷᠦᠢ᠂ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ  ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠭᠠᠵᠠᠷ ᠬᠡᠷ ᠵᠢᠴᠢ ᠮᠠᠰᠢᠨ ᠲᠡᠷᠭᠡᠨ ᠤ ᠭᠤᠷᠪᠠᠳᠤᠭᠠᠷ ᠦᠶᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠨᠠᠷ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃
     ᠥᠪᠥᠷ ᠮᠣᠩᠭᠤᠯ ᠤᠨ ᠨᠣᠮ ᠤᠨ ᠰᠠᠩ ᠨᠢ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ  ᠤᠨ ᠬᠠᠮᠢᠶᠠᠷᠤᠯᠲᠠ ᠶᠢᠨ ᠲᠣᠪᠴᠢᠶ᠎ᠠ ᠶᠢᠨ  ᠮᠠᠰᠢᠨ ᠲᠡᠷᠭᠡᠨ ᠤ ᠭᠤᠷᠪᠠᠳᠤᠭᠠᠷ ᠦᠶᠯᠡᠴᠢᠯᠡᠭᠡᠨ ᠤ ᠲᠥᠪ ᠤᠨ ᠬᠤᠪᠢᠶᠠᠷᠢ ᠣᠷᠳᠣᠨ ᠳᠤ ᠤᠯᠤᠰ ᠲᠥᠷᠥ᠂ ᠠᠵᠤ ᠠᠬᠤᠶ᠂ ᠤᠳᠬ᠎ᠠ ᠵᠣᠬᠢᠶᠠᠯ᠂ ᠲᠡᠦᠬᠡ᠂ ᠭᠠᠵᠠᠷ ᠵᠦᠶ᠂ ᠪᠡᠶ᠎ᠡ ᠰᠤᠪᠢᠯᠠᠯᠲᠠ ᠡᠷᠡᠭᠦᠯᠵᠢᠯ ᠵᠡᠷᠭᠡ ᠡᠯ᠎ᠡ ᠲᠥᠷᠥᠯ ᠤᠨ ᠨᠣᠮ ᠪᠢᠴᠢᠭ ᠢ ᠮᠢᠩᠭ᠎ᠠ ᠭᠠᠷᠤᠶ ᠳᠡᠪᠲᠡᠷ  ᠲᠤᠬᠢᠷᠠᠭᠤᠯᠵᠤ ᠥᠭᠪᠡ᠃ ᠬᠤᠶᠢᠰᠢᠳᠠ᠂ ᠥᠪᠥᠷ ᠮᠣᠩᠭᠤᠯ ᠤᠨ ᠨᠣᠮ ᠤᠨ ᠰᠠᠩ ᠨᠢ ᠬᠤᠪᠢᠶᠠᠷᠢ ᠣᠷᠳᠣᠨ ᠤ ᠤᠩᠰᠢᠭᠴᠢᠳ ᠤᠨ ᠵᠢᠭᠡᠯᠡᠨ ᠤᠩᠰᠢᠬᠤ ᠬᠡᠷᠡᠭᠴᠡᠭᠡ ᠶᠢ ᠦᠨᠳᠦᠰᠦᠯᠡᠨ ᠨᠣᠮ ᠪᠢᠴᠢᠭ ᠢ ᠲᠠᠰᠤᠷᠠᠯᠲᠠ ᠥᠬᠡᠶ ᠨᠥᠬᠦᠪᠦᠷᠢᠯᠡᠵᠦ ᠰᠢᠨᠡᠳᠬᠡᠨ᠎ᠡ  ᠃
     ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ  ᠮᠠᠰᠢᠨ ᠲᠡᠷᠭᠡᠨ ᠤ ᠭᠤᠷᠪᠠᠳᠤᠭᠠᠷ ᠦᠶᠯᠡᠴᠢᠯᠡᠭᠡᠨ ᠤ ᠲᠥᠪ ᠤᠨ ᠬᠤᠪᠢᠶᠠᠷᠢ ᠣᠷᠳᠣᠨ ᠢ ᠪᠠᠶᠢᠭᠤᠯᠤᠭᠰᠠᠨ ᠶᠠᠪᠤᠳᠠᠯ  ᠨᠢ ᠥᠪᠥᠷ ᠮᠣᠩᠭᠤᠯ ᠤᠨ ᠨᠣᠮ ᠤᠨ ᠰᠠᠩ ᠤᠨ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠥᠬᠦ ᠠᠷᠠᠳ   ᠢᠶᠠᠷ  ᠢᠶᠠᠨ ᠨᠤᠮ ᠤᠩᠰᠢᠬᠤ ᠶᠢ ᠠᠬᠢᠭᠤᠯᠤᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠳᠬᠤᠬᠤ᠂ 《 ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ 》 ᠶᠢ ᠭᠦᠨᠵᠡᠭᠡᠶ ᠠᠬᠢᠭᠤᠯᠬᠤ ᠴᠢᠬᠤᠯᠠ ᠠᠷᠭ᠎ᠠ ᠬᠡᠮᠵᠢᠶ᠎ᠡ  ᠪᠤᠯᠭᠠᠭᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ  ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠪᠴᠢᠶ᠎ᠠ  ᠶᠢᠨ ᠳᠡᠳ᠋ ᠳᠠᠷᠤᠭ᠎ᠠ ᠵᠧᠩ ᠰᠢᠩ ᠸᠠᠩ᠂ ᠬᠤᠪᠢᠶᠠᠷᠢ ᠣᠷᠳᠣᠨ ᠢ ᠪᠠᠶᠢᠭᠤᠯᠤᠭᠰᠠᠨ ᠨᠢ ᠺᠠᠳ᠋ᠷ ᠠᠵᠢᠯᠲᠠᠨ ᠤ ᠰᠤᠷᠤᠯᠴᠠᠯᠭ᠎ᠠ ᠠᠮᠢᠳᠤᠷᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯᠲᠠᠨ ᠠᠵᠢᠯᠴᠢᠨ ᠤ 《 ᠨᠣᠮ ᠤᠩᠰᠢᠬᠤ ᠳᠤᠷᠠᠲᠠᠶ᠂ ᠰᠠᠶᠢᠨ ᠨᠣᠮ ᠤᠩᠰᠢᠬᠤ᠂ ᠨᠣᠮ ᠤᠩᠰᠢᠬᠤ  ᠳᠤ ᠪᠠᠨ ᠴᠢᠳᠠᠮᠠᠭᠠᠶ 》 ᠪᠠᠶᠢᠬᠤ ᠰᠢᠯᠢᠳᠡᠭ ᠵᠠᠩ ᠰᠤᠷᠲᠠᠯ ᠢ ᠪᠤᠶᠢᠵᠢᠭᠤᠯᠵᠤ᠂ ᠪᠠᠶᠢᠭᠤᠯᠭ᠎ᠠ ᠶᠢᠨ ᠰᠤᠷᠲᠠᠯ ᠴᠢᠬᠡᠴᠢ ᠣᠪᠣᠷ ᠲᠥᠪ 《ᠪᠢᠴᠢᠭ ᠤᠨ ᠰᠤᠷᠪᠤᠯᠵᠢᠲᠤ 》ᠠᠭᠤᠷ ᠠᠮᠢᠰᠬᠤᠯ ᠢ ᠪᠣᠶ ᠪᠣᠯᠭᠠᠵᠤ᠂ 《 ᠪᠢᠴᠢᠭ ᠤᠨ ᠰᠤᠷᠪᠤᠯᠵᠢᠲᠤ ᠪᠠᠶᠢᠭᠤᠯᠭ᠎ᠠ 》 ᠶᠢᠨ ᠪᠠᠶᠢᠭᠤᠯᠤᠯᠲᠠ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠭᠡᠵᠡᠶ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号