ᠰᠦᠭ ᠰᠦᠨᠡᠰᠦ ᠶᠢ ᠱᠤᠭᠤᠨ  ᠲᠥᠪ ᠶᠣᠰᠣ ᠶᠢ ᠪᠠᠷᠢᠮᠲᠠᠯᠠᠵᠤ ᠰᠢᠨ᠎ᠡ ᠶᠢ ᠡᠭᠦᠳᠦᠨ ᠥᠪᠥᠷ ᠮᠣᠩᠭᠤᠯ ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠦᠶᠯᠡᠰ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠦᠴᠦᠯᠡᠵᠦ ᠪᠢᠴᠢᠭᠯᠡᠶ᠎ᠡ
ᠨᠡᠶᠢᠲᠡᠯᠡᠭᠰᠡᠨ ᠴᠠᠭ᠄
2021/11/12
     ᠬᠤᠩᠱᠠᠨ ᠬᠠᠰ ᠯᠣᠣ
      ︽ᠴᠠᠨ ᠢᠦᠢ  ᠤᠷᠤᠭ ᠨᠡᠶᠢᠯᠡᠭᠰᠡᠨ ᠨᠢ︾ ᠦᠰᠦᠭ ᠲᠠᠢ ᠸᠠᠭᠠᠷ
     ᠥᠪᠥᠷ ᠮᠣᠩᠭᠤᠯ ᠤᠨ ᠮᠦᠽᠧᠶ
     ᠬᠤᠶᠢᠲᠤ ᠬᠤᠲᠠ ᠶᠢᠨ ᠽᠦᠶ ᠯᠦᠩ ᠱᠠᠨ ᠤ ᠦᠶ᠎ᠡ ᠶᠢᠨ ᠴᠢᠯᠠᠭᠤᠨ ᠬᠤᠲᠠ ᠶᠢᠨ ᠪᠠᠭᠤᠷᠢ
     ᠬᠡᠰᠢᠭᠲᠡᠨ ᠬᠤᠰᠢᠭᠤᠨ ᠳᠤ ᠬᠢ ᠶᠢᠨ ᠤᠯᠤᠰ ᠤᠨ ᠬᠢᠯᠢ ᠶᠢᠨ ᠰᠤᠪᠠᠭ
     ᠦᠴᠤᠸᠠᠨ ᠰᠢᠶᠠᠨ ᠤ ᠳᠠᠯᠠᠩ ᠤᠨ ᠣᠷᠤᠢ ᠳᠤ ᠬᠢ ᠤᠮᠠᠷᠠᠲᠤ ᠸᠧᠶ ᠤᠯᠤᠰ ᠤᠨ ᠲᠠᠬᠢᠯᠭ᠎ᠠ ᠶᠢᠨ ᠪᠠᠷᠢᠯᠭ᠎ᠠ  ᠶᠢᠨ ᠪᠠᠭᠤᠷᠢ
     ᠭᠦᠶᠡᠩ ᠰᠢᠶᠠᠨ ᠳᠤ ᠬᠢ ᠴᠢᠨ ᠤᠯᠤᠰ ᠤᠨ ᠤᠷᠲᠤ ᠴᠠᠭᠠᠨ ᠬᠡᠷᠡᠮ      ᠲᠡᠦᠬᠡ ᠶᠢᠨ ᠳᠤᠷᠠᠰᠬᠠᠯᠲᠤ ᠵᠦᠢᠯᠡᠰ ᠨᠢ ᠭᠡᠷᠡᠯ ᠰᠠᠴᠤᠷᠠᠩᠭᠤᠢ ᠪᠣᠯᠪᠠᠰᠤᠨ ᠢ ᠠᠴᠢᠶᠠᠯᠠᠵᠤ᠂ ᠲᠡᠦᠬᠡ ᠰᠣᠶᠣᠯ ᠢ ᠤᠯᠠᠮᠵᠢᠯᠠᠨ᠂ ᠦᠨᠳᠦᠰᠦᠲᠡᠨ ᠤ ᠵᠣᠷᠢᠭ ᠰᠠᠨᠠᠭ᠎ᠠ ᠶᠢ ᠬᠤᠯᠪᠤᠳᠠᠭ ᠢᠶᠠᠷ ᠢᠶᠠᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠬᠤᠪᠣᠷ ᠨᠠᠨᠳᠢᠨ ᠥᠪ ᠬᠦᠷᠦᠩᠭᠡ᠂ ᠠᠷᠠᠳ ᠤᠯᠠᠨ ᠤ ᠤᠶᠤᠨ ᠤ ᠰᠣᠶᠣᠯ ᠤᠨ ᠬᠡᠷᠡᠭᠴᠡᠭᠡ ᠶᠢ ᠬᠠᠩᠭᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠥᠪᠡᠷᠮᠢᠴᠡ ᠡᠬᠢ ᠪᠠᠶᠠᠯᠢᠭ ᠪᠣᠯᠳᠠᠭ᠃ ᠥᠪᠥᠷ ᠮᠣᠩᠭᠤᠯ ᠤᠨ ᠲᠡᠦᠬᠡ ᠶᠢᠨ ᠳᠤᠷᠠᠰᠬᠠᠯᠲᠤ ᠵᠦᠶᠯᠡᠰ ᠡᠷᠲᠡᠨ ᠤ ᠦᠯᠡᠳᠡᠭᠳᠡᠯ ᠲᠤᠭ᠎ᠠ ᠬᠡᠮᠵᠢᠶ᠎ᠡ ᠪᠠᠷ ᠣᠯᠠᠨ᠂ ᠲᠥᠷᠥᠯ ᠵᠦᠶᠯ ᠢᠶᠠᠷ ᠡᠯᠪᠡᠭ᠂ ᠲᠠᠷᠬᠠᠯᠲᠠ ᠪᠠᠷ ᠥᠷᠭᠡᠨ ᠲᠤᠯᠠᠳᠠ ᠬᠠᠮᠠᠭᠠᠯᠠᠬᠤ ᠡᠭᠦᠷᠭᠡ ᠬᠠᠲᠠᠭᠤ ᠬᠦᠨᠳᠦ᠂ ᠬᠠᠷᠢᠭᠤᠴᠠᠯᠭ᠎ᠠ ᠬᠦᠨᠳᠦ ᠶᠡᠭᠡ ᠶᠤᠮ᠃  ︽ᠠᠷᠪᠠᠨ ᠭᠤᠷᠪᠠᠳᠤᠭᠠᠷ ᠲᠠᠪᠤᠨ ᠵᠢᠯ︾  ᠠᠴᠠ ᠨᠠᠭᠠᠰᠢ᠂ ᠪᠦᠬᠦ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠰᠢᠰᠲ᠋ᠧᠮ ᠤᠨ ᠬᠢᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ  ᠪᠠᠷ ᠵᠢᠯᠤᠭᠤᠳᠤᠯᠭ᠎ᠠ ᠪᠠᠨ ᠪᠣᠯᠭᠠᠬᠤ ᠶᠢ ᠪᠠᠷᠢᠮᠲᠠᠯᠠᠵᠤ᠂ ︽ᠬᠠᠮᠠᠭᠠᠯᠠᠬᠤ ᠪᠠᠷ ᠭᠤᠣᠯᠯᠠᠬᠤ᠂ ᠠᠪᠤᠷᠠᠬᠤ ᠶᠢ ᠲᠡᠷᠢᠭᠦᠨ  ᠳᠤ ᠲᠠᠯᠪᠢᠬᠤ᠂ ᠵᠣᠬᠢᠰᠲᠠᠢ ᠠᠰᠢᠭᠯᠠᠬᠤ᠂ ᠬᠠᠮᠢᠶᠠᠷᠤᠯᠲᠠ ᠶᠢ ᠴᠢᠩᠭᠠᠳᠬᠠᠬᠤ︾ ᠠᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠬᠥᠭᠵᠢᠯᠲᠡ ᠶᠢᠨ ᠶᠡᠭᠡ ᠲᠠᠯ᠎ᠠ  ᠶᠢᠨ ᠲᠣᠭᠤᠷᠢᠨ ᠳᠤ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠢ  ᠲᠦᠯᠦᠪᠵᠢᠭᠦᠯᠦᠨ ᠪᠠᠶᠢᠷᠢᠯᠠᠭᠤᠯᠵᠤ ᠠᠬᠢᠭᠤᠯᠤᠭᠰᠠᠨ ᠢᠶᠠᠷ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠤᠯᠠᠮᠵᠢᠯᠠᠬᠤ᠂ ᠥᠭᠡᠷᠡᠴᠢᠯᠡᠨ ᠠᠰᠢᠭᠯᠠᠬᠤ ᠠᠵᠢᠯ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠲᠠᠢ ᠪᠣᠯᠪᠠ᠃      ᠨᠢᠭᠡ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠥᠭᠵᠢᠯᠲᠡ ᠶᠢᠨ ᠬᠠᠮᠲᠤᠷᠠᠯ ᠤᠨ ᠬᠦᠴᠦᠨ ᠢᠯᠡᠳᠲᠡ ᠴᠢᠩᠭᠠᠷᠠᠪᠠ᠃ ᠬᠤᠶᠠᠷ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠯᠠᠪᠳᠠᠭᠤᠨ ᠢᠶᠠᠷ ᠠᠬᠢᠪᠠ᠃ ᠭᠤᠷᠪᠠ᠂ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠰᠤᠳᠤᠯᠭᠠᠨ ᠤ ᠦᠷ᠎ᠡ ᠪᠦᠲᠦᠭᠡᠯ ᠢᠯᠡᠳᠲᠡ ᠪᠣᠯᠪᠠ᠃ ᠳᠥᠷᠪᠡ᠂ ᠬᠤᠪᠢᠰᠬᠠᠯ ᠤᠨ ᠳᠤᠷᠠᠰᠬᠠᠯᠲᠤ ᠵᠦᠢᠯᠡᠰ ᠤᠨ ᠠᠵᠢᠯ ᠤᠨ ᠰᠠᠭᠤᠷᠢ ᠲᠠᠰᠤᠷᠠᠯᠲᠠ ᠦᠭᠡᠢ ᠪᠠᠬᠢᠵᠢᠪᠡ᠃ ᠲᠠᠪᠤ᠂ ᠮᠦᠽᠧᠶ ᠶᠢᠨ ᠠᠵᠢᠯ ᠶᠠᠰᠤ ᠴᠢᠨᠠᠷ ᠳᠡᠭᠡᠭᠰᠢᠯᠡᠨ ᠦᠷ᠎ᠡ ᠠᠰᠢᠭ ᠨᠡᠮᠡᠭᠳᠡᠪᠡ᠃ ᠵᠢᠷᠭᠤᠭ᠎ᠠ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠪᠠᠶᠢᠳᠠᠯ ᠲᠣᠭᠲᠠᠭᠤᠨ ᠢᠶᠠᠷ ᠰᠠᠶᠢᠵᠢᠷᠠᠪᠠ᠃ ᠳᠣᠯᠤᠭ᠎ᠠ᠂ ᠠᠵᠤ ᠠᠬᠤᠢ ᠨᠡᠶᠢᠭᠡᠮ ᠤᠨ ᠬᠦᠭᠵᠢᠯᠲᠡ ᠳᠤ ᠦᠢᠯᠡᠴᠢᠯᠡᠭᠰᠡᠨ ᠢᠶᠠᠷ ᠢᠳᠡᠪᠬᠢ ᠦᠢᠯᠡᠳᠦᠯ ᠦᠵᠡᠭᠦᠯᠪᠡ᠃      ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠣᠯ ᠤᠳᠤ ᠦᠶ᠎ᠡ ᠳᠤ ᠭᠠᠪᠢᠶ᠎ᠠ ᠪᠠᠶᠢᠭᠤᠯᠵᠤ᠂ ᠮᠢᠩᠭᠠᠨ ᠦᠶ᠎ᠡ ᠳᠤ ᠠᠰᠢᠭ ᠬᠦᠷᠲᠡᠭᠡᠬᠦ ᠶᠠᠪᠤᠳᠠᠯ ᠪᠣᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠯᠠᠯ ᠢ ᠡᠬᠢᠯᠡᠭᠦᠯᠬᠦ ᠠᠩᠬᠠᠳᠤᠭᠠᠷ ᠲᠠᠪᠤᠨ ᠵᠢᠯ ᠪᠣᠯᠤᠨ᠎ᠠ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠰᠢᠰᠲ᠋ᠧᠮ ᠨᠡᠩ ᠥᠨᠳᠥᠷ ᠭᠠᠷᠤᠭ᠎ᠠ᠂ ᠨᠡᠩ ᠰᠢᠨ᠎ᠡ ᠱᠠᠳᠤ ᠦᠶ᠎ᠡ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠳᠤ ᠲᠣᠭᠲᠠᠭᠠᠭᠰᠠᠨ ᠬᠠᠷᠠᠯᠲᠠ ᠶᠣᠰᠣᠭᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠮᠦᠽᠧᠢ ᠳᠤ ᠬᠠᠳᠠᠭᠠᠯᠠᠭᠳᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯᠡᠰ᠂ ᠥᠷᠭᠡᠨ ᠠᠭᠤᠳᠠᠮ ᠭᠠᠵᠠᠷ ᠨᠤᠲᠤᠭ ᠲᠤ ᠳᠡᠯᠭᠡᠭᠳᠡᠵᠦ ᠪᠠᠶᠢᠭ᠎ᠠ ᠥᠪ ᠬᠦᠷᠦᠩᠭᠡ᠂ ᠡᠷᠲᠡᠨ ᠤ ᠨᠣᠮ ᠪᠢᠴᠢᠭ ᠲᠤ ᠪᠢᠴᠢᠭᠳᠡᠭᠰᠡᠨ ᠦᠰᠦᠭ ᠪᠢᠴᠢᠭ ᠤᠳ ᠢ ᠴᠥᠮ ᠢ ︽ ᠠᠮᠢᠯᠠᠭᠤᠯᠤᠨ︾᠂ ᠪᠦᠬᠦ ᠨᠡᠶᠢᠭᠡᠮ ᠤᠨ ᠲᠡᠦᠬᠡ ᠰᠣᠶᠣᠯ ᠤᠨ ᠰᠢᠮ᠎ᠡ ᠶᠢ ᠤᠯᠠᠮ ᠨᠢᠭᠡ ᠠᠯᠬᠤᠮ ᠪᠠᠶᠠᠯᠢᠭᠵᠢᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号