ᠮᠠᠨᠵᠤᠤᠷ ᠬᠤᠲᠠ ᠶᠢᠨ ᠨᠠᠮ ᠤᠨ ᠬᠤᠷᠢᠶᠠᠨ ᠤ ᠱᠦᠵᠢ ᠮᠠ ᠴᠢᠶᠠᠩ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/11/19
    11 ᠳ᠋ᠤᠭᠡᠷ ᠰᠠᠷ᠎ᠠ ᠶᠢᠨ 8 ᠤ ᠡᠳᠦᠷ᠂ ᠮᠠᠨᠵᠤᠤᠷ ᠬᠤᠲᠠ ᠶᠢᠨ ᠨᠠᠮ ᠤᠨ ᠬᠤᠷᠢᠶᠠᠨ ᠤ ᠱᠦᠵᠢ ᠮᠠ ᠴᠢᠶᠠᠩ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠲᠤ ᠬᠦᠷᠴᠦ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠬᠠᠭᠤᠯᠬᠤ ᠬᠡᠯᠲᠡᠰ ᠤᠨ ᠳᠠᠷᠤᠭ᠎ᠠ ᠱᠤ᠋ ᠴᠢᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠳ᠋ᠧᠩ ᠶᠤᠸᠠᠢ ᠱᠧᠩ ᠨᠡᠷ ᠪᠠᠷ᠎ᠠ ᠪᠣᠯᠪᠠ᠃     ᠮᠠ ᠴᠢᠶᠠᠩ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠮᠠᠨ ᠤ ᠬᠤᠲᠠ ᠶᠢᠨ 2021 ᠣᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠥᠷᠨᠢᠭᠦᠯᠦᠭᠰᠡᠨ ᠪᠠᠶᠢᠳᠠᠯ᠂ 2022 ᠣᠨ  ᠤ ᠠᠵᠢᠯ ᠤᠨ ᠲᠣᠬᠢᠷᠠᠭᠤᠯᠤᠯᠲᠠ ᠶᠢᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠬᠤᠲᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠡᠯ᠎ᠡ ᠲᠥᠷᠥᠯ ᠤᠨ ᠠᠵᠢᠯ ᠳᠤ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠪᠠ᠃      ᠮᠠ ᠴᠢᠶᠠᠩ᠄ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠪᠣᠯ ᠨᠠᠮ ᠤᠨ ᠰᠢᠯᠢᠳᠡᠭ ᠤᠯᠠᠮᠵᠢᠯᠠᠯ ᠪᠠ ᠤᠯᠤᠰ ᠲᠦᠷᠦ ᠶᠢᠨ ᠳᠠᠪᠠᠭᠤᠯᠢᠭ ᠮᠥᠨ᠃ ᠤᠯᠤᠰ ᠲᠥᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ  ᠤᠨ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠭ ᠲᠡᠮᠳᠡᠭ ᠢ ᠮᠠᠨᠳᠤᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠦᠨ ᠢ ᠬᠥᠮᠦᠵᠢᠭᠦᠯᠬᠦ᠂ ᠰᠣᠶᠣᠯ ᠢ ᠬᠦᠭᠵᠢᠭᠦᠯᠬᠦ᠂ ᠳᠦᠷᠢ ᠲᠥᠷᠬᠦ ᠶᠢ ᠢᠯᠡᠷᠡᠭᠦᠯᠬᠦ ᠡᠭᠦᠷᠭᠡ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠰᠢᠨ᠎ᠡ ᠪᠠᠶᠢᠳᠠᠯ ᠳᠣᠤᠷᠠᠬᠢ ᠨᠠᠮ ᠤᠨ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ ᠭᠡᠵᠦ ᠵᠢᠭᠠᠵᠦ ᠭᠠᠷᠭᠠᠪᠠ᠃      ᠮᠠ ᠴᠢᠶᠠᠩ ᠱᠠᠭᠠᠷᠳᠠᠭᠰᠠᠨ ᠨᠢ᠄ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ  ᠤᠶᠠᠯᠳᠤᠭᠤᠯᠤᠨ᠂《 ᠤᠷᠢᠳ ᠢᠶᠠᠷ ᠶᠠᠭᠠᠷᠠᠪᠠᠯ ᠳᠠᠷᠠᠭ᠎ᠠ ᠨᠢ ᠬᠦᠴᠢᠷᠳᠡᠬᠦ 》ᠵᠠᠷᠴᠢᠮ ᠶᠣᠰᠣᠭᠠᠷ᠂ ᠳᠤᠲᠠᠭᠤᠳᠠᠯ ᠢᠶᠠᠨ ᠦᠷᠭᠦᠯᠵᠢᠯᠡᠨ ᠨᠥᠬᠦᠪᠥᠷᠢᠯᠡᠵᠦ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠵᠦ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠬᠤ ᠬᠡᠷᠡᠭᠲᠡᠶ᠃ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠪᠠᠯᠠ ᠮᠥᠩᠭᠦ ᠲᠥᠷᠥᠯ ᠵᠦᠶᠯ ᠤᠨ ᠳᠡᠮᠵᠢᠯᠭᠡ ᠶᠢ ᠢᠳᠡᠪᠬᠢᠲᠡᠶ ᠤᠯᠬᠤ ᠬᠡᠷᠡᠭᠲᠡᠶ᠃ ᠠᠭᠤᠰᠤᠯᠴᠠᠨ ᠬᠥᠭᠵᠢᠬᠦ ᠶᠢ ᠪᠠᠷᠢᠮᠲᠠᠯᠠᠵᠤ᠂ ᠭᠤᠣᠯ ᠠᠵᠢᠯ ᠤᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠵᠠᠭᠤᠴᠢᠯᠠᠭᠤᠷ ᠤᠨ ᠠᠭᠤᠰᠤᠯᠴᠠᠯ᠂ ᠰᠣᠶᠣᠯ ᠵᠢᠭᠤᠯᠴᠢᠯᠠᠯ ᠤᠨ ᠠᠭᠤᠰᠤᠯᠴᠠᠯ᠂ ᠰᠤᠷᠲᠠᠯ ᠤᠬᠠᠭᠤᠯᠭ᠎ᠠ ᠶᠢᠨ ᠠᠵᠢᠯ ᠪᠣᠯᠤᠨ ᠭᠤᠣᠯ ᠠᠵᠢᠯ ᠤᠨ ᠠᠭᠤᠰᠤᠯᠴᠠᠯ ᠢ ᠦᠷᠭᠦᠯᠵᠢᠯᠡᠨ ᠠᠬᠢᠭᠤᠯᠬᠤ ᠬᠡᠷᠡᠭᠲᠡᠢ᠃ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠵᠦ᠂ ᠳᠡᠷᠭᠡᠳᠡᠬᠢ ᠰᠠᠶᠢᠨ ᠬᠥᠮᠦᠨ᠂ ᠶᠣᠰᠣ ᠰᠤᠷᠲᠠᠬᠤᠨ ᠤ ᠵᠢᠱᠢᠶᠡᠴᠢ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠮᠣᠷᠠᠯ ᠢ ᠳᠡᠭᠡᠳᠦᠯᠡᠨ ᠰᠠᠶᠢᠨ ᠰᠠᠶᠢᠬᠠᠨ ᠢ ᠡᠷᠬᠢᠮᠯᠡᠬᠦ ᠡᠶ᠎ᠡ ᠵᠣᠬᠢᠴᠠᠩᠭᠤᠢ ᠰᠢᠨ᠎ᠡ ᠬᠡᠪ ᠰᠤᠷᠲᠠᠯ ᠢ ᠪᠤᠢ ᠪᠣᠯᠭᠠᠬᠤ ᠬᠡᠷᠡᠭᠲᠡᠢ᠃ ᠰᠢᠨ᠎ᠡ ᠶᠢ ᠡᠭᠦᠳᠬᠦ ᠬᠥᠭᠵᠢᠯᠲᠡ ᠶᠢ ᠪᠠᠷᠢᠮᠲᠠᠯᠠᠵᠤ᠂《 ᠠᠭᠤᠯᠭ᠎ᠠ ᠪᠠᠷ ᠭᠤᠤᠯ ᠪᠣᠯᠭᠠᠬᠤ 》ᠵᠣᠬᠢᠶᠠᠨ ᠪᠦᠲᠦᠭᠡᠬᠦ ᠤᠬᠠᠮᠰᠠᠷ ᠢᠶᠠᠨ ᠴᠢᠩᠭᠠᠳᠬᠠᠵᠤ᠂ ᠣᠶᠤᠨ ᠤᠬᠠᠭᠠᠨ ᠢᠶᠠᠨ ᠲᠥᠪᠯᠡᠷᠡᠭᠦᠯᠦᠨ ᠰᠣᠳᠣᠨ ᠵᠦᠴᠦᠭᠡ᠂ ᠥᠯᠢᠭᠡᠷ᠂ ᠰᠣᠨᠢᠨ ᠮᠡᠳᠡᠭᠡ ᠶᠢ ᠡᠭᠦᠳᠴᠦ᠂ ᠰᠣᠶᠣᠯ᠂ ᠵᠠᠭᠤᠴᠢᠯᠠᠭᠤᠷ ᠤᠨ ᠪᠦᠲᠦᠭᠡᠭᠳᠡᠬᠦᠨ ᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠮᠠᠨᠵᠤᠤᠷ ᠤᠨ ᠥᠯᠢᠭᠡᠷ ᠢ ᠰᠠᠶᠢᠲᠤᠷ ᠶᠠᠷᠢᠬᠤ ᠬᠡᠷᠡᠭᠲᠡᠶ ᠭᠡᠵᠡᠢ᠃
 
ᠢᠷᠡᠯᠲᠡ᠄ ᠮᠠᠨᠵᠤᠤᠷ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号