ᠪᠠᠶᠠᠨᠨᠠᠭᠤᠷ ᠬᠤᠲᠠ ᠶᠢᠨ ᠨᠢᠭᠡ ᠲᠣᠰᠬᠤᠨ ᠠᠷᠪᠠᠨ ᠨᠢᠭᠡᠳᠦᠭᠡᠷ ᠪᠦᠯᠦᠭ ᠪᠥᠬᠦ ᠤᠯᠤᠰ ᠤᠨ《 ᠨᠢᠭᠡ ᠲᠣᠰᠬᠤᠨ ᠨᠢᠭᠡ ᠨᠡᠷ᠎ᠡ ᠲᠡᠮᠳᠡᠭ 》 ᠤᠨ ᠵᠢᠱᠢᠶ᠎ᠡ ᠦᠵᠡᠭᠦᠯᠬᠦ ᠲᠣᠰᠬᠤᠨ ᠪᠠᠯᠭᠠᠰᠤ ᠪᠠᠷ ᠦᠨᠡᠯᠡᠭᠳᠡᠪᠡ
ᠨᠡᠶᠢᠲᠡᠯᠡᠭᠰᠡᠨ ᠴᠠᠭ᠄
2021/11/19
    ᠰᠤᠷᠪᠤᠯᠵᠢᠯᠠᠭᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠣᠶᠢᠯᠠᠭᠠᠭᠰᠠᠨ ᠢᠶᠠᠷ᠂ ᠲᠦᠷᠦᠭᠦᠬᠡᠨ᠂ ᠳᠤᠮᠳᠠᠳᠤ ᠤᠯᠤᠰ ᠤᠨ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ ᠠᠷᠪᠠᠨ ᠨᠢᠭᠡᠳᠦᠭᠡᠷ ᠪᠦᠯᠦᠭ ᠪᠥᠬᠦ ᠤᠯᠤᠰ ᠤᠨ《 ᠨᠢᠭᠡ ᠲᠣᠰᠬᠤᠨ ᠨᠢᠭᠡ ᠨᠡᠷ᠎ᠡ ᠲᠡᠮᠳᠡᠭ 》 ᠤᠨ ᠵᠢᠱᠢᠶ᠎ᠡ ᠦᠵᠡᠭᠦᠯᠬᠦ ᠲᠣᠰᠬᠤᠨ ᠪᠠᠯᠭᠠᠰᠤ ᠶᠢᠨ ᠨᠡᠷᠡᠰ ᠢ ᠨᠡᠶᠢᠲᠡᠯᠡᠵᠦ᠂ ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤᠨ ᠤ ᠳ᠋ᠧ ᠯᠢᠩ ᠱᠠᠨ  ᠪᠠᠯᠭᠠᠰᠤᠨ ᠤ ᠰᠧ ᠢ ᠲᠠᠩ ᠲᠣᠰᠬᠤᠨ ᠨᠡᠷᠡᠰ ᠤᠨ ᠵᠢᠭᠰᠠᠭᠠᠯᠲᠠ ᠳᠤ ᠣᠷᠣᠪᠠ᠃      ᠣᠶᠢᠯᠠᠭᠠᠭᠰᠠᠨ ᠢᠶᠠᠷ᠂ ᠪᠥᠬᠦ ᠤᠯᠤᠰ ᠤᠨ《 ᠨᠢᠭᠡ ᠲᠣᠰᠬᠤᠨ ᠨᠢᠭᠡ ᠨᠡᠷ᠎ᠡ ᠲᠡᠮᠳᠡᠭ 》 ᠤᠨ ᠵᠢᠱᠢᠶ᠎ᠡ ᠦᠵᠡᠭᠦᠯᠬᠦ ᠲᠣᠰᠬᠤᠨ ᠪᠠᠯᠭᠠᠰᠤ ᠪᠠᠷ ᠭᠤᠶᠤᠴᠢᠯᠠᠨ ᠮᠡᠳᠡᠭᠦᠯᠬᠦ ᠭᠤᠤᠯ ᠴᠣᠭᠴᠠ ᠨᠢ ᠵᠠᠰᠠᠭ ᠵᠠᠬᠢᠷᠭᠠᠨ ᠤ ᠲᠣᠰᠬᠤᠨ ᠪᠤᠶᠤ ᠵᠠᠰᠠᠭ ᠵᠠᠬᠢᠷᠭᠠᠨ ᠤ ᠪᠠᠯᠭᠠᠰᠤ ( ᠰᠢᠶᠠᠩ ) ᠪᠠᠶᠢᠵᠤ᠂ ᠭᠤᠤᠯᠯᠠᠬᠤ ᠠᠵᠤ ᠦᠶᠯᠡᠰ ᠤᠨ ᠬᠡᠷᠡᠭᠴᠡᠭᠡ ᠨᠢ ᠳᠠᠪᠠᠭᠤᠯᠢᠭ ᠣᠨᠴᠠᠯᠢᠭ ᠢᠶᠠᠷ ᠢᠯᠡ ᠲᠣᠳᠣ᠂ ᠨᠤᠲᠤᠭ ᠤᠨ ᠠᠭᠤᠷ ᠠᠮᠢᠰᠬᠤᠯ ᠢᠶᠠᠷ ᠥᠳᠬᠡᠨ᠂ ᠰᠣᠶᠣᠯ ᠤᠨ ᠠᠭᠤᠯᠤᠭᠳᠠᠬᠤᠨ ᠢᠶᠠᠷ ᠡᠯᠪᠡᠭ ᠪᠠᠶᠠᠯᠢᠭ᠂ ᠦᠢᠯᠡᠳᠪᠦᠷᠢᠯᠡᠯ ᠤᠨ ᠲᠣᠰᠬᠤᠨ ᠪᠠᠯᠭᠠᠰᠤ ᠭᠦᠨ ᠠᠭᠤᠰᠤᠯᠴᠠᠭᠰᠠᠨ᠂ ᠲᠠᠷᠢᠶᠠᠯᠠᠩ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠭᠰᠡᠨ ᠦᠷ᠎ᠡ ᠪᠦᠲᠦᠮᠵᠢ ᠪᠠᠷ ᠢᠯᠡᠳᠲᠡ ᠪᠠᠶᠢᠵᠤ᠂ ᠨᠡᠯᠢᠶᠡᠳ ᠴᠢᠩᠭ᠎ᠠ ᠨᠥᠯᠥᠭᠡᠯᠡᠨ ᠳᠠᠶᠢᠴᠢᠯᠠᠬᠤ ᠪᠠ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠶᠯᠡᠳᠦᠯ ᠲᠠᠢ ᠪᠠᠶᠢᠳᠠᠭ᠃ ᠭᠤᠤᠯ ᠪᠦᠲᠦᠭᠡᠭᠳᠡᠬᠦᠨ ᠨᠢ ᠣᠨᠴᠠᠯᠢᠭᠲᠤ ᠲᠠᠷᠢᠮᠠᠯ᠂ ᠣᠨᠴᠠᠯᠢᠭᠲᠤ ᠲᠡᠵᠢᠭᠡᠨ ᠦᠷᠡᠵᠢᠭᠦᠯᠬᠦ᠂ ᠣᠨᠴᠠᠯᠢᠭᠲᠤ ᠢᠳᠡᠭᠡᠨ᠂ ᠣᠨᠴᠠᠯᠢᠭᠲᠤ ᠰᠣᠶᠣᠯ ᠪᠠ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠨᠢᠭᠡᠨ ᠪᠣᠳᠠᠲᠠᠶ ᠲᠥᠷᠥᠯ ᠵᠦᠶᠯ ᠪᠤᠯᠤᠨ᠎ᠠ᠃《 ᠨᠢᠭᠡ ᠲᠣᠰᠬᠤᠨ ᠨᠢᠭᠡ ᠨᠡᠷ᠎ᠡ ᠲᠡᠮᠳᠡᠭ 》ᠪᠣᠯ ᠬᠥᠳᠡᠭᠡ ᠲᠣᠰᠬᠤᠨ ᠤ ᠠᠵᠤ ᠠᠬᠤᠢ ᠶᠢᠨ ᠪᠦᠬᠦᠯᠢ ᠴᠣᠭᠴᠠ ᠶᠢᠨ ᠪᠣᠳᠠᠲᠤ ᠬᠦᠴᠦᠨ ᠪᠣᠯᠤᠨ ᠶᠡᠷᠦᠩᠬᠡᠶᠢᠯᠡᠭᠰᠡᠨ ᠦᠷᠢᠰᠦᠯᠳᠦᠬᠦ ᠬᠦᠴᠦᠨ ᠢ ᠶᠡᠭᠡ  ᠪᠠᠷ ᠳᠡᠭᠡᠭᠰᠢᠯᠡᠭᠦᠯᠬᠦ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠵᠠᠭᠪᠤᠷ ᠪᠣᠯᠤᠨ᠎ᠠ᠃ ( ᠰᠤᠷᠪᠤᠯᠵᠢᠯᠠᠭᠴᠢ᠄ ᠬᠤᠸᠠᠩ ᠵᠢᠩ ᠯᠢᠶᠠᠨ )
 
ᠢᠷᠡᠯᠲᠡ᠄ ᠪᠠᠶᠠᠨᠨᠠᠭᠤᠷ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号