ᠤᠯᠠᠭᠠᠨᠬᠠᠳᠠ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠶᠤᠸᠠᠨ ᠪᠤᠤ ᠱᠠᠨ ᠲᠣᠭᠤᠷᠢᠭ ᠤᠨ ᠰᠣᠶᠣᠯ ᠵᠢᠭᠤᠯᠴᠢᠯᠠᠯ ᠤᠨ ᠠᠵᠢᠯ ᠢ ᠰᠢᠮᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2021/11/19
    11 ᠳ᠋ᠦ᠋ᠭᠡᠷ ᠰᠠᠷ᠎ᠠ ᠶᠢᠨ 13 ᠤ ᠡᠳᠦᠷ᠂ ᠤᠯᠠᠭᠠᠨᠬᠠᠳᠠ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ  ᠶᠢᠨ ᠳᠡᠳ᠋ ᠳᠠᠷᠤᠭ᠎ᠠ ᠶᠠᠩ ᠭᠤᠸᠠᠩ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠶᠤᠸᠠᠨ ᠪᠤᠤ ᠱᠠᠨ ᠲᠣᠭᠤᠷᠢᠭ ᠤᠨ ᠰᠣᠶᠣᠯ ᠪᠠ ᠵᠢᠭᠤᠯᠴᠢᠯᠠᠯ ᠤᠨ ᠪᠠᠶᠢᠳᠠᠯ ᠢ ᠲᠤᠰᠬᠠᠶ ᠰᠢᠮᠳᠠᠭᠤᠯᠤᠨ ᠵᠢᠯᠣᠭᠤᠳᠴᠤ ᠪᠠᠶᠢᠴᠠᠭᠠᠪᠠ᠃ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠫᠧᠩ ᠰᠢᠶᠤᠤ ᠵᠢᠤᠸᠠᠨ ᠪᠠᠷ᠎ᠠ ᠪᠣᠯᠪᠠ᠃     ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠶᠤᠸᠠᠨ ᠪᠤᠤ ᠱᠠᠨ ᠲᠣᠭᠤᠷᠢᠭ ᠤᠨ 2021 ᠣᠨ ᠤ ᠰᠣᠶᠣᠯ᠂ ᠵᠢᠭᠤᠯᠴᠢᠯᠠᠯ᠂ ᠲᠡᠦᠬᠡ ᠶᠢᠨ ᠳᠤᠷᠠᠰᠬᠠᠯᠲᠤ ᠵᠦᠶᠯᠡᠰ ᠪᠣᠯᠤᠨ ᠠᠶᠤᠯ ᠦᠭᠡᠢ ᠦᠶᠯᠡᠳᠪᠦᠷᠢᠯᠡᠯ᠂ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠲᠠᠩᠰᠠ ᠡᠪᠬᠡᠮᠡᠯ ᠤᠨ ᠮᠠᠲ᠋ᠧᠷᠢᠶᠠᠯ ᠢ ᠤᠷᠪᠠᠭᠤᠯᠤᠨ ᠦᠵᠡᠵᠦ ᠪᠠᠶᠢᠴᠠᠭᠠᠨ ᠦᠵᠡᠭᠰᠡᠨ ᠪᠥᠭᠡᠳ ᠲᠤᠭᠤᠷᠢᠭ ᠤᠨ ᠰᠣᠶᠣᠯ ᠤᠨ ᠣᠷᠳᠣᠨ᠂ ᠨᠣᠮ ᠤᠨ ᠰᠠᠩ᠂ ᠫᠢᠩ ᠵᠤᠸᠠᠩ ᠳᠤ ᠬᠢ ᠳᠤᠮᠳᠠᠳᠤ ᠶᠢ ᠲᠦᠷᠢᠮᠡᠬᠡᠶᠢᠯᠡᠭᠰᠡᠨ ᠶᠠᠫᠣᠨ ᠴᠡᠷᠢᠭ ᠤᠨ ᠨᠢᠰᠬᠡᠯ ᠤᠨ ᠬᠥᠮᠥᠷᠭᠡ ᠶᠢᠨ ᠬᠠᠭᠤᠴᠢᠨ ᠪᠠᠭᠤᠷᠢ᠂ ᠫᠢᠩ ᠵᠤᠸᠠᠩ ᠵᠣᠴᠢᠳ  ᠤᠨ ᠪᠠᠭᠤᠳᠠᠯ ᠵᠢᠴᠢ ᠫᠢᠩ ᠵᠤᠸᠠᠩ ᠤᠨ ᠬᠤᠲᠠ ᠶᠢᠨ ᠲᠣᠭᠤᠷᠢᠭ ᠲᠤ ᠬᠢ ᠬᠡᠰᠡᠭ ᠳᠠᠭᠤᠤ ᠶᠢᠨ ᠲᠢᠩᠬᠢᠮ᠂ ᠰᠦᠯᠵᠢᠶᠡᠨ ᠤ ᠪᠠᠭᠠᠷ ᠢᠶᠠᠷ ᠬᠦᠷᠴᠦ ᠲᠤᠬᠠᠶ ᠶᠢᠨ ᠭᠠᠵᠠᠷ ᠲᠤ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯ ᠦᠭᠡᠢ ᠦᠶᠯᠡᠳᠪᠦᠷᠢᠯᠡᠯ ᠵᠡᠷᠭᠡ ᠠᠵᠢᠯ ᠢ ᠪᠠᠶᠢᠴᠠᠭᠠᠪᠠ᠃      ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠶᠤᠸᠠᠨ ᠪᠤᠤ ᠱᠠᠨ ᠲᠣᠭᠤᠷᠢᠭ ᠤᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠲᠡᠦᠬᠡ ᠶᠢᠨ ᠳᠤᠷᠠᠰᠬᠠᠯᠲᠤ ᠵᠦᠶᠯᠡᠰ ᠢ ᠤᠯᠠᠮᠵᠢᠯᠠᠨ ᠬᠠᠮᠠᠭᠠᠯᠠᠬᠤ᠂ ᠤᠯᠤᠰ ᠤᠨ ᠣᠨᠴᠠᠯᠢᠭ ᠪᠥᠬᠦᠶ ᠰᠣᠶᠣᠯ ᠵᠢᠭᠤᠯᠴᠢᠯᠠᠯ ᠪᠠ ᠠᠮᠢ ᠠᠬᠤᠶ ᠶᠢᠨ ᠰᠡᠯᠡᠭᠦᠴᠡᠯ ᠠᠮᠠᠷᠠᠯᠲᠠ ᠶᠢᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠶᠤᠯ ᠦᠭᠡᠢ ᠦᠶᠯᠡᠳᠪᠦᠷᠢᠯᠡᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠭᠦᠶᠴᠡᠳ ᠨᠤᠲᠠᠯᠠᠪᠠ᠃ ᠶᠤᠸᠠᠨ ᠪᠤᠤ ᠱᠠᠨ ᠲᠣᠭᠤᠷᠢᠭ᠂ ᠳᠡᠭᠡᠷ᠎ᠡ ᠳᠤᠷᠠᠳᠤᠭᠰᠠᠨ ᠠᠵᠢᠯ ᠢ ᠦᠵᠡᠯ ᠰᠠᠨᠠᠭᠠᠨ ᠤ ᠲᠠᠯ᠎ᠠ ᠪᠠᠷ ᠮᠠᠰᠢ ᠴᠢᠬᠤᠯᠠᠴᠢᠯᠠᠨ ᠦᠵᠡᠵᠦ᠂ ᠠᠵᠢᠯ ᠤᠨ ᠲᠠᠯ᠎ᠠ ᠪᠠᠷ ᠮᠠᠰᠢ ᠪᠣᠳᠠᠲᠠᠶ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠪᠠᠶᠢᠳᠠᠯ ᠰᠠᠶᠢᠨ᠂ ᠰᠣᠶᠣᠯ ᠵᠢᠭᠤᠯᠴᠢᠯᠠᠯ ᠤᠨ ᠠᠵᠢᠯ ᠢ ᠯᠠᠪᠳᠠᠭᠤᠨ ᠢᠶᠠᠷ ᠠᠬᠢᠭᠤᠯᠵᠤ ᠪᠠᠶᠢᠨ᠎ᠠ ᠭᠡᠵᠦ ᠦᠨᠡᠯᠡᠭᠰᠡᠨ ᠪᠦᠭᠡᠳ ᠪᠠᠰᠠ ᠶᠤᠸᠠᠨ ᠪᠤᠤ ᠱᠠᠨ ᠲᠣᠭᠤᠷᠢᠭ  ᠤᠨ ᠠᠵᠢᠯ ᠤᠨ ᠳᠤᠮᠳᠠ ᠣᠷᠣᠰᠢᠵᠤ ᠪᠠᠶᠭ᠎ᠠ ᠬᠦᠷᠦᠯᠴᠡᠬᠦ ᠦᠭᠡᠢ ᠲᠠᠯ᠎ᠠ ᠶᠢ ᠵᠢᠭᠠᠵᠤ ᠭᠠᠷᠭᠠᠪᠠ᠃ ᠶᠤᠸᠠᠨ ᠪᠤᠤ ᠱᠠᠨ ᠲᠣᠭᠤᠷᠢᠭ ᠬᠤᠶᠢᠰᠢᠳᠠ ᠶᠢᠨ ᠠᠵᠢᠯ ᠳᠤ ᠪᠠᠨ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠠᠵᠢᠯ ᠤᠨ ᠲᠥᠯᠥᠪᠯᠡᠭᠡ ᠶᠢᠨ ᠲᠠᠯ᠎ᠠ ᠶᠢᠨ《 ᠵᠥᠭᠡᠯᠡᠨ ᠲᠣᠨᠤᠭ 》 ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠥᠷᠥᠯ ᠵᠦᠢᠯ ᠤᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠲᠠᠯ᠎ᠠ ᠶᠢᠨ《 ᠬᠠᠲᠠᠭᠤ ᠲᠣᠨᠤᠭ 》 ᠢ ᠱᠠᠯᠠᠪᠳᠠᠨ ᠨᠦᠬᠦᠪᠦᠷᠢᠯᠡᠵᠦ᠂ ᠤᠯᠤᠰ ᠤᠨ ᠣᠨᠴᠠᠯᠢᠭ ᠪᠥᠬᠦᠶ ᠰᠣᠶᠣᠯ ᠵᠢᠭᠤᠯᠴᠢᠯᠠᠯ ᠪᠠ ᠠᠮᠢ ᠠᠬᠤᠶ ᠶᠢᠨ ᠰᠡᠯᠡᠭᠦᠴᠡᠯ ᠠᠮᠠᠷᠠᠯᠲᠠ ᠶᠢᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠪᠠᠷ ᠭᠤᠤᠯ ᠭᠠᠷᠳᠠᠴᠠ ᠪᠤᠯᠭᠠᠵᠤ᠂ ᠥᠪᠡᠷᠮᠢᠴᠡ ᠣᠨᠴᠠᠯᠢᠭ ᠲᠠᠢ ᠬᠢᠯᠠᠰ ᠴᠡᠭ ᠢ ᠴᠣᠭᠴᠠᠯᠠᠬᠤ ᠶᠢ ᠴᠢᠬᠤᠯᠠᠴᠢᠯᠠᠵᠤ᠂ ᠶᠤᠸᠠᠨ ᠪᠤᠤ ᠱᠠᠨ ᠲᠣᠭᠤᠷᠢᠭ ᠤᠨ ᠰᠣᠶᠣᠯ ᠵᠢᠭᠤᠯᠴᠢᠯᠠᠯ ᠤᠨ ᠠᠵᠢᠯ ᠤᠨ ᠴᠢᠨᠠᠷ ᠴᠢᠨᠰᠠᠭ᠎ᠠ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠭᠠᠷᠠᠢ ᠭᠡᠵᠦ ᠱᠠᠭᠠᠷᠳᠠᠪᠠ᠃
 
ᠢᠷᠡᠯᠲᠡ᠄ ᠤᠯᠠᠭᠠᠨᠬᠠᠳᠠ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号