ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2021/11/19
     11 ᠳ᠋ᠦ᠋ᠭᠡᠷ ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ  ᠲᠣᠪᠴᠢᠶ᠎ᠠ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠤᠷᠤᠯᠴᠠᠨ ᠲᠤᠭᠤᠰᠢᠯᠠᠭᠤᠯᠵᠤ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶᠠᠨ  ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠤ ᠳᠠᠷᠤᠭ᠎ᠠ ᠭᠤᠤ ᠶᠦᠩ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ ᠲᠣᠪᠴᠢᠶᠠᠨ ᠤ ᠤᠳᠤᠷᠢᠳᠬᠤ ᠪᠠᠭ ᠤᠨ ᠪᠦᠷᠢᠯᠳᠦᠬᠦᠨ᠂ ᠲᠣᠪᠴᠢᠶᠠᠨ ᠤ ᠬᠠᠷᠢᠶ᠎ᠠ ᠨᠢᠭᠡᠴᠢ ᠪᠠ ᠪᠠᠶᠢᠭᠤᠯᠭ᠎ᠠ ᠶᠢᠨ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠣᠷᠤᠯᠴᠠᠵᠠᠢ᠃      ᠬᠤᠷᠠᠯ ᠵᠢᠭᠠᠵᠤ ᠭᠠᠷᠭᠠᠭᠰᠠᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠪᠣᠯ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢᠨ ᠴᠢᠬᠤᠯᠠ ᠲᠡᠦᠬᠡᠨ ᠴᠠᠭ ᠮᠥᠴᠡ ᠳᠤ᠂ ᠨᠠᠮ ᠠᠷᠠᠳ ᠲᠦᠮᠡᠨ ᠢ ᠤᠳᠤᠷᠢᠳᠤᠨ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠦᠨ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠴᠢᠬᠤᠯᠠ ᠶᠡᠭᠡ ᠲᠡᠦᠬᠡᠨ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠰᠠᠨ ᠴᠢᠬᠤᠯᠠ ᠬᠤᠷᠠᠯ ᠪᠣᠯᠤᠨ᠎ᠠ᠃ ᠪᠥᠬᠦᠳᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠤᠭᠡᠨ ᠲᠤᠷᠰᠢᠯᠭ᠎ᠠ ᠶᠢᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ︾᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡ ᠶᠢᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠪᠡ᠃ ᠢᠯᠠᠩᠭᠤᠶ᠎ᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠭᠡᠬᠦ ᠡᠨᠡ ᠬᠦ ᠭᠤᠣᠯᠳᠠᠯᠭ᠎ᠠ ᠶᠢ ᠳᠤᠪᠤᠶᠢᠯᠭᠠᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠨᠠᠮ ᠪᠣᠯᠤᠨ ᠤᠯᠤᠰ ᠤᠨ ᠠᠵᠢᠯ ᠦᠢᠯᠡᠰ ᠤᠨ ᠣᠯᠤᠭᠰᠠᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ᠂ ᠲᠡᠦᠬᠡᠲᠦ ᠴᠢᠨᠠᠷᠲᠠᠶ ᠬᠤᠪᠢᠰᠤᠯᠲᠠ ᠪᠠ ᠬᠤᠷᠠᠮᠳᠤᠭᠤᠯᠤᠭᠰᠠᠨ ᠰᠢᠨ᠎ᠡ ᠲᠤᠷᠰᠢᠯᠭ᠎ᠠ ᠶᠢ ᠭᠦᠨᠵᠡᠭᠡᠢ ᠳ᠋ᠦᠩᠨᠡᠭᠰᠡᠨ ᠨᠢ ᠨᠠᠮ ᠤᠨ ᠵᠠᠭᠤᠨ ᠵᠢᠯ ᠤᠨ ᠲᠡᠮᠡᠴᠡᠯ ᠤᠨ ᠲᠤᠬᠠᠶ ᠨᠠᠮ ᠤᠨ ᠲᠥᠪ ᠬᠤᠷᠢᠶᠠᠨ ᠤ ᠰᠢᠨ᠎ᠡ ᠲᠠᠨᠢᠯᠲᠠ ᠶᠢ ᠬᠠᠷᠠᠭᠤᠯᠪᠠ᠃ ᠡᠨᠡ ᠪᠣᠯ ᠭᠡᠷᠡᠯ ᠰᠠᠴᠤᠷᠠᠩᠭᠤᠶ ᠮᠠᠷᠺᠰ ᠤᠨ ᠦᠵᠡᠯ ᠤᠨ ᠬᠥᠲᠥᠯᠪᠦᠷᠢ ᠶᠢᠨ ᠴᠢᠨᠠᠷᠲᠠᠶ ᠲᠤᠯᠭᠤᠷ ᠪᠢᠴᠢᠭ ᠮᠥᠨ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠵᠤ ᠬᠥᠭᠵᠢᠭᠦᠯᠬᠦ ᠤᠯᠤᠰ ᠲᠦᠷᠦ ᠶᠢᠨ ᠲᠤᠩᠬᠠᠭ ᠮᠦᠨ᠂ ᠲᠡᠦᠬᠡ ᠪᠠᠷ ᠲᠣᠯᠢ ᠪᠣᠯᠭᠠᠨ᠂ ᠢᠷᠡᠭᠡᠳᠦᠶ ᠶᠢ ᠡᠭᠦᠳᠦᠨ ᠨᠡᠭᠡᠭᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠵᠢᠯᠯᠠᠭᠠᠨ ᠤ ᠵᠦᠭᠯᠡᠭᠦᠷ ᠮᠦᠨ᠃ ᠪᠥᠬᠦ ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠡᠷᠬᠡᠪᠰᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠴᠢᠬᠤᠯᠠ ᠶᠡᠭᠡ ᠤᠯᠤᠰ ᠲᠥᠷᠥ ᠶᠢᠨ ᠠᠴᠢ ᠬᠤᠯᠪᠣᠭᠳᠠᠯ᠂ ᠲᠡᠦᠬᠡᠲᠦ ᠠᠴᠢ ᠬᠤᠯᠪᠣᠭᠳᠠᠯ᠂ ᠣᠨᠣᠯ ᠤᠨ ᠠᠴᠢ ᠬᠤᠯᠪᠣᠭᠳᠠᠯ᠂ ᠦᠶᠯᠡᠳᠦᠯᠭᠡ ᠶᠢᠨ ᠠᠴᠢ ᠬᠤᠯᠪᠣᠭᠳᠠᠯ ᠢ ᠭᠦᠨᠵᠡᠭᠡᠶ ᠲᠠᠨᠢᠨ᠂ ᠦᠵᠡᠯ ᠰᠠᠨᠠᠭ᠎ᠠ ᠪᠣᠯᠤᠨ ᠦᠶᠯᠡ ᠠᠵᠢᠯᠯᠠᠭ᠎ᠠ ᠪᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠨᠠᠩ ᠡᠷᠡᠰ ᠪᠠᠲᠤ᠂ ᠨᠠᠩ ᠤᠬᠠᠮᠰᠠᠷ ᠲᠠᠢ  ᠪᠠᠷ  ᠦᠢᠯᠡᠳᠦᠯᠭᠡᠵᠢᠭᠦᠯᠦᠨ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠦᠶᠯᠡᠰ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠶ ᠭᠡᠪᠡ᠃      ᠬᠤᠷᠠᠯ ᠱᠠᠭᠠᠷᠳᠠᠭᠰᠠᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠳᠤ ᠬᠢ ᠪᠥᠬᠦ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠰᠢᠰᠲ᠋ᠧᠮ ᠤᠨ ᠴᠢᠬᠤᠯᠠ ᠤᠯᠤᠰ ᠲᠥᠷᠥ ᠶᠢᠨ ᠡᠭᠦᠷᠭᠡ ᠮᠥᠨ᠃ ᠪᠦᠬᠦ ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠲᠡᠷᠢᠭᠦᠨ ᠴᠢᠬᠤᠯᠠ ᠶᠡᠭᠡ ᠶᠠᠪᠤᠳᠠᠯ ᠪᠣᠯᠭᠠᠵᠤ᠂ ᠤᠯᠠᠨ ᠶᠠᠩᠵᠤ ᠬᠡᠯᠪᠡᠷᠢ ᠶᠢᠨ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯᠯᠠᠭ᠎ᠠ ᠶᠢ ᠳᠠᠷᠤᠢ ᠲᠦᠷᠭᠡᠨ ᠵᠣᠬᠢᠶᠠᠨ ᠪᠠᠶᠢᠭᠤᠯᠵᠤ ᠦᠷᠨᠢᠭᠦᠯᠦᠨ᠂ ᠪᠦᠬᠦ ᠰᠢᠰᠲ᠋ᠧᠮ ᠳᠤ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠭᠠᠷᠭᠠᠬᠤ ᠬᠡᠷᠡᠭᠲᠡᠢ᠃ ᠪᠦᠬᠦ ᠰᠢᠰᠲ᠋ᠧᠮ ᠤᠨ ᠡᠯ᠎ᠡ ᠱᠠᠲᠤᠨ ᠤ ᠤᠳᠤᠷᠢᠳᠬᠤ ᠺᠠᠳ᠋ᠷ ᠲᠦᠷᠦᠭᠦᠯᠡᠨ ᠲᠡᠷᠡ ᠬᠡᠪ ᠢᠶᠠᠷ ᠨᠢ ᠰᠤᠷᠤᠯᠴᠠᠬᠤ᠂ ᠨᠡᠪᠳᠡᠷᠡᠳᠡᠯ᠎ᠡ ᠰᠤᠷᠤᠯᠴᠠᠬᠤ᠂ ᠪᠣᠳᠠᠲᠠᠢ  ᠲᠠᠢ ᠤᠶᠠᠯᠳᠤᠭᠤᠯᠤᠨ ᠰᠤᠷᠤᠯᠴᠠᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠢ ᠬᠦᠳᠦᠯᠦᠨ ᠳᠠᠭᠠᠭᠤᠯᠵᠤ ᠰᠡᠳᠬᠢᠯ ᠲᠠᠯᠪᠢᠨ ᠬᠦᠴᠦ ᠣᠷᠣᠭᠤᠯᠤᠨ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠲᠡᠦᠬᠡ ᠶᠢ ᠰᠤᠷᠤᠯᠴᠠᠨ ᠶᠣᠰᠣ ᠤᠴᠢᠷ ᠢ ᠣᠶᠢᠯᠠᠭᠠᠬᠤ᠂ ᠲᠡᠦᠬᠡ ᠶᠢ ᠰᠤᠷᠤᠯᠴᠠᠨ ᠢᠲᠡᠭᠡᠯ ᠢᠶᠠᠨ ᠨᠡᠮᠡᠭᠳᠡᠭᠦᠯᠬᠦ᠂ ᠲᠡᠦᠬᠡ ᠶᠢ ᠰᠤᠷᠤᠯᠴᠠᠨ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠶᠢ ᠰᠤᠷᠤᠯᠴᠠᠨ ᠬᠦᠴᠦᠯᠡᠨ ᠭᠦᠢᠴᠡᠳᠬᠡᠬᠦ ᠲᠠᠯ᠎ᠠ ᠪᠠᠷ ᠨᠡᠩ ᠶᠡᠭᠡ ᠦᠷ᠎ᠡ ᠪᠦᠲᠦᠭᠡᠯ᠂ ᠨᠡᠩ ᠶᠡᠭᠡ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠢ᠃ ᠪᠥᠬᠦ ᠰᠢᠰᠲ᠋ᠧᠮ ᠢᠶᠠᠷ ᠢᠶᠠᠨ ᠵᠢᠳᠬᠦᠯ ᠴᠢᠷᠮᠠᠶᠢᠯᠭ᠎ᠠ ᠭᠠᠷᠭᠠᠬᠤ ᠠᠵᠢᠯᠯᠠᠭ᠎ᠠ ᠪᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠂ ᠵᠢᠯ ᠤᠨ ᠡᠴᠦᠰ ᠰᠢᠨ᠎ᠡ ᠵᠢᠯ ᠤᠨ ᠡᠬᠢᠨ  ᠤ ᠠᠵᠢᠯ ᠢ ᠰᠠᠶᠢᠲᠤᠷ ᠬᠢᠵᠦ᠂ ᠢᠷᠡᠬᠦ ᠵᠢᠯ ᠤᠨ ᠭᠤᠤᠯᠳᠠᠯᠭ᠎ᠠ ᠲᠠᠢ ᠠᠵᠢᠯ ᠢ ᠨᠠᠷᠢᠨ ᠬᠢᠨᠠᠮᠠᠭᠠᠶ ᠰᠤᠳᠤᠯᠵᠤ ᠲᠦᠯᠦᠪᠵᠢᠭᠦᠯᠦᠨ᠂ ᠨᠠᠩ ᠴᠤᠭ ᠪᠠᠳᠠᠷᠠᠩᠭᠤᠶ ᠵᠣᠷᠢᠭ ᠰᠠᠨᠠᠭ᠎ᠠ ᠪᠠᠷ ᠰᠢᠨ᠎ᠡ ᠠᠮᠵᠢᠯᠲᠠ ᠪᠦᠲᠦᠮᠵᠢ ᠡᠭᠦᠳᠴᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠲᠡ᠂ ᠰᠠᠶᠢᠨ ᠭᠠᠷᠤᠭ᠎ᠠ ᠶᠢ ᠪᠠᠲᠤᠯᠠᠨ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠶ ᠭᠡᠪᠡ᠃  
 
ᠢᠷᠡᠯᠲᠡ᠄ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号