ᠤᠯᠠᠭᠠᠨᠬᠠᠳᠠ ᠬᠤᠲᠠ ᠶᠢᠨ ᠰᠢᠮᠳᠠᠭᠤᠯᠬᠤ ᠬᠠᠮᠲᠤᠷᠠᠭᠰᠠᠨ ᠶᠡᠭᠡ ᠪᠠᠶᠢᠴᠠᠭᠠᠯᠲᠠ ᠶᠢᠨ ᠰᠣᠶᠣᠯ ᠵᠢᠭᠤᠯᠴᠢᠯᠠᠯ  ᠤᠨ ᠲᠤᠰᠬᠠᠶ ᠰᠢᠮᠳᠠᠭᠤᠯᠤᠨ ᠪᠠᠶᠢᠴᠠᠭᠠᠬᠤ ᠠᠵᠢᠯ ᠤᠨ ᠳᠤᠭᠤᠶᠢᠯᠠᠩ ᠪᠠᠭᠠᠷᠢᠨ ᠵᠡᠭᠦᠨ ᠬᠤᠰᠢᠭᠤᠨ ᠳᠤ ᠬᠦᠷᠴᠦ ᠰᠢᠮᠳᠠᠭᠤᠯᠤᠨ ᠪᠠᠶᠢᠴᠠᠭᠠᠪᠠ
ᠨᠡᠶᠢᠲᠡᠯᠡᠭᠰᠡᠨ ᠴᠠᠭ᠄
2021/11/19
     11 ᠳ᠋ᠦ᠋ᠭᠡᠷ ᠰᠠᠷ᠎ᠠ ᠶᠢᠨ 13 ᠤ ᠡᠳᠦᠷ᠂ ᠤᠯᠠᠭᠠᠨᠬᠠᠳᠠ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠳᠠᠷᠤᠭ᠎ᠠ ᠼᠦᠩ ᠫᠧᠶ ᡁᠢ ᠪᠥᠬᠦ ᠬᠤᠲᠠ ᠶᠢᠨ ᠰᠢᠮᠳᠠᠭᠤᠯᠬᠤ ᠬᠠᠮᠲᠤᠷᠠᠭᠰᠠᠨ ᠶᠡᠭᠡ ᠪᠠᠶᠢᠴᠠᠭᠠᠯᠲᠠ  ᠶᠢᠨ ᠰᠣᠶᠣᠯ ᠵᠢᠭᠤᠯᠴᠢᠯᠠᠯ ᠤᠨ ᠲᠤᠰᠬᠠᠶ ᠰᠢᠮᠳᠠᠭᠤᠯᠤᠨ ᠪᠠᠶᠢᠴᠠᠭᠠᠬᠤ ᠠᠵᠢᠯ ᠤᠨ ᠳᠤᠭᠤᠶᠢᠯᠠᠩ ᠢ ᠳᠠᠭᠠᠭᠤᠯᠤᠨ ᠪᠠᠭᠠᠷᠢᠨ ᠵᠡᠭᠦᠨ ᠬᠤᠰᠢᠭᠤᠨ ᠳᠤ ᠬᠦᠷᠴᠦ ᠶᠡᠷᠦᠩᠬᠡᠶ ᠱᠦᠵᠢ ᠰᠢ ᠶᠢᠨ ᠫᠢᠩ ᠤᠨ ᠰᠣᠶᠣᠯ ᠵᠢᠭᠤᠯᠴᠢᠯᠠᠯ ᠤᠨ ᠠᠵᠢᠯ  ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ᠂ ᠤᠯᠤᠰ ᠤᠨ ᠣᠨᠴᠠᠯᠢᠭ ᠲᠠᠢ ᠰᠣᠶᠣᠯ ᠵᠢᠭᠤᠯᠴᠢᠯᠠᠯ ᠪᠠ ᠠᠮᠢ ᠠᠬᠤᠶ ᠶᠢᠨ ᠰᠡᠯᠡᠭᠦᠴᠡᠯ ᠠᠮᠠᠷᠠᠯᠲᠠ ᠶᠢᠨ ᠰᠠᠭᠤᠷᠢᠨ ᠢ ᠪᠥᠲᠥᠭᠡᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ᠂ 2021 ᠣᠨ ᠤ ᠰᠣᠶᠣᠯ ᠵᠢᠭᠤᠯᠴᠢᠯᠠᠯ ᠤᠨ ᠠᠶᠤᠯ ᠦᠭᠡᠢ ᠦᠶᠯᠡᠳᠪᠦᠷᠢᠯᠡᠯ ᠪᠠ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠠᠵᠢᠯ ᠵᠡᠷᠭᠡ ᠶᠢ ᠪᠠᠶᠢᠴᠠᠭᠠᠪᠠ᠃ ᠪᠠᠭᠠᠷᠢᠨ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠳ᠋ᠤᠸᠠᠨ ᡁᠢ ᠭᠦᠸᠧ ᠵᠢᠴᠢ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ ᠲᠦᠩ ᠼᠠᠢ ᠬᠤᠸᠠ ᠵᠡᠷᠭᠡ ᠤᠳᠤᠷᠢᠳᠤᠯᠭ᠎ᠠ ᠪᠠᠷ᠎ᠠ ᠪᠣᠯᠪᠠ  ᠃      ᠱᠠᠯᠠᠪᠳᠠᠭᠤᠯᠤᠨ ᠪᠠᠶᠢᠴᠠᠭᠠᠬᠤ ᠠᠵᠢᠯ ᠤᠨ ᠳᠤᠭᠤᠶᠢᠯᠠᠩ 《 ᠶᠠᠷᠢᠯᠴᠠᠬᠤ ᠬᠤᠷᠠᠯ + ᠪᠣᠳᠠᠲᠠᠢ ᠭᠠᠵᠠᠷ ᠲᠤ  ᠨᠢ ᠪᠠᠶᠢᠴᠠᠭᠠᠨ ᠦᠵᠡᠬᠦ 》 ᠬᠡᠯᠪᠡᠷᠢ ᠶᠢ ᠠᠰᠢᠭᠯᠠᠪᠠ᠃ ᠶᠠᠷᠢᠯᠴᠠᠬᠤ ᠬᠤᠷᠠᠯ ᠳᠡᠭᠡᠷ᠎ᠡ᠂ ᠪᠠᠭᠠᠷᠢᠨ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠳ᠋ᠤᠸᠠᠨ ᡁᠢ ᠭᠦᠸᠧ ᠶᠡᠷᠦᠩᠬᠡᠶ ᠱᠦᠵᠢ ᠰᠢ  ᠶᠢᠨ ᠫᠢᠩ ᠤᠨ ᠰᠣᠶᠣᠯ ᠵᠢᠭᠤᠯᠴᠢᠯᠠᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ  ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ᠂ ᠶᠡᠷᠦᠩᠬᠡᠶ ᠱᠦᠵᠢ ᠰᠢ ᠶᠢᠨ ᠫᠢᠩ ᠤᠨ ᠯᠢᠶᠣᠤ   ᠶᠢᠨ ᠰᠤᠪᠤᠷᠭ᠎ᠠ ᠶᠢ ᠰᠡᠯᠪᠢᠨ ᠵᠠᠰᠠᠵᠤ ᠬᠠᠮᠠᠭᠠᠯᠠᠬᠤ ᠲᠤᠬᠠᠶ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ᠂ ᠤᠯᠤᠰ ᠤᠨ ᠣᠨᠴᠠᠯᠢᠭ ᠲᠠᠢ ᠰᠣᠶᠣᠯ  ᠵᠢᠭᠤᠯᠴᠢᠯᠠᠯ ᠪᠠ ᠠᠮᠢ ᠠᠬᠤᠶ ᠶᠢᠨ ᠰᠡᠯᠡᠭᠦᠴᠡᠯ ᠠᠮᠠᠷᠠᠯᠲᠠ ᠶᠢᠨ ᠰᠠᠭᠤᠷᠢᠨ ᠢ ᠪᠥᠲᠥᠭᠡᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ᠂ 2021 ᠣᠨ ᠤ ᠰᠣᠶᠣᠯ ᠵᠢᠭᠤᠯᠴᠢᠯᠠᠯ ᠤᠨ ᠠᠶᠤᠯ ᠦᠭᠡᠢ ᠦᠶᠯᠡᠳᠪᠦᠷᠢᠯᠡᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠬᠠᠷᠢᠭᠤ ᠮᠡᠳᠡᠭᠦᠯᠪᠡ᠃ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠠᠰᠠᠭᠤᠳᠠᠯ ᠲᠤᠷᠠᠳᠴᠠᠢ᠃ ᠬᠤᠯᠪᠣᠭᠳᠠᠯ ᠪᠦᠬᠦᠢ ᠠᠵᠢᠯᠲᠠᠳ ᠲᠤᠬᠠᠢ ᠶᠢᠨ ᠲᠠᠯᠠᠪᠠᠢ ᠳᠤ ᠬᠠᠷᠢᠭᠤᠯᠤᠭᠰᠠᠨ ᠪᠥᠭᠡᠳ ᠪᠠᠭᠠᠷᠢᠨ ᠵᠡᠭᠦᠨ ᠬᠤᠰᠢᠭᠤᠨ ᠤ ᠰᠣᠶᠣᠯ ᠵᠢᠭᠤᠯᠴᠢᠯᠠᠯ ᠤᠨ ᠲᠤᠰ ᠪᠡᠶ᠎ᠡ ᠶᠢᠨ ᠬᠥᠭᠵᠢᠯᠲᠡ ᠶᠢᠨ ᠪᠠᠶᠢᠳᠠᠯ᠂ ᠣᠷᠣᠰᠢᠵᠤ ᠪᠠᠶᠢᠭ᠎ᠠ ᠬᠦᠴᠢᠷᠳᠡᠯ᠂  ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢᠨ ᠲᠤᠬᠠᠢ ᠭᠦᠨᠵᠡᠭᠡᠢ ᠶᠠᠷᠢᠯᠴᠠᠪᠠ  ᠃      ᠳᠠᠷᠠᠭ᠎ᠠ ᠨᠢ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ  ᠤᠨ ᠬᠢᠨ ᠲᠤᠬᠠᠶ ᠶᠢᠨ ᠲᠠᠯᠠᠪᠠᠶ ᠳᠤ ᠲᠠᠩᠰᠠ ᠡᠪᠬᠡᠮᠡᠯ ᠢ ᠪᠠᠶᠢᠴᠠᠭᠠᠨ ᠦᠵᠡᠬᠦ ᠶᠢᠨ ᠬᠠᠮᠲᠤ ᠤᠷᠢᠳ ᠬᠤᠵᠢᠳ ᠪᠠᠭᠠᠷᠢᠨ ᠵᠡᠭᠦᠨ ᠬᠤᠰᠢᠭᠤᠨ ᠤ ᠨᠣᠮ ᠤᠨ ᠰᠠᠩ᠂ ᠵᠢᠶᠠ ᠨᠢᠶᠠᠨ ᠬᠤᠸᠠ KTV᠂ ᠯᠢᠶᠣᠤ ᠤᠯᠤᠰ ᠤᠨ ᠳᠡᠭᠡᠳᠦ ᠨᠡᠶᠢᠰᠯᠡᠯ ᠤᠨ ᠮᠦᠽᠧᠶ᠂ ᠤᠯᠠᠭᠠᠨᠮᠥ᠋ᠴᠢᠷ᠂ ᠯᠢᠶᠣᠤ ᠤᠯᠤᠰ ᠤᠨ ᠳᠡᠭᠡᠳᠦ ᠨᠡᠶᠢᠰᠯᠡᠯ ᠤᠨ ᠪᠠᠭᠤᠷᠢ ᠳᠤ ᠬᠦᠷᠴᠦ ᠲᠤᠬᠠᠶ ᠶᠢᠨ ᠭᠠᠵᠠᠷ  ᠤᠨ ᠪᠠᠶᠢᠴᠠᠭᠠᠯᠲᠠ ᠬᠢᠪᠠ  ᠃
 
ᠢᠷᠡᠯᠲᠡ᠄ ᠪᠠᠭᠠᠷᠢᠨ ᠵᠡᠭᠦᠨ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号